ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 110 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/28
     9 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 110 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠧᠵᠢᠶᠠᠩ ᠳᠤ ᠠᠵᠢᠯ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾᠂ 9 ᠰᠠᠷ᠎ᠠ ᠶᠢᠨ 22  ᠤᠨ ᠡᠳᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠣᠯᠣᠨ 9 ᠰᠠᠷ᠎ᠠ ᠶᠢᠨ 25  ᠤ ᠡᠳᠦᠷ ᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 95 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃      ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠢᠶᠠᠷ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠣᠳᠠᠲᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ︽ᠵᠢᠷᠭᠤᠭᠠᠨ ᠰᠢᠨ᠎ᠡ ᠦᠴᠦᠸᠠᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠥᠭᠡᠴᠡᠯᠡᠵᠦ᠂ ᠠᠵᠤ ᠦᠢᠯᠡᠰ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳᠠᠪᠠᠭᠤᠯᠢᠭ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠵᠦ᠂ ᠢᠷᠡᠭᠡᠳᠦᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠬᠢᠬᠦ ᠳᠤ ᠰᠠᠶᠢᠨ ᠰᠠᠭᠤᠷᠢ ᠲᠠᠯᠪᠢᠬᠤ ᠶᠢᠨ ᠬᠠᠮᠲᠤ ᠡᠨᠡ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠣᠬᠢᠷᠠᠭᠤᠯᠬᠤ ᠡᠷᠴᠢᠮ ᠢ ᠴᠢᠩᠭᠠᠷᠠᠭᠤᠯᠵᠤ᠂ ᠴᠠᠭ ᠤᠨ ᠬᠦᠰᠦᠨᠦᠭᠲᠦ᠂ ᠡᠭᠦᠷᠭᠡ ᠶᠢᠨ ᠪᠢᠴᠢᠭ ᠢ ᠲᠣᠳᠣᠷᠬᠠᠶᠢᠯᠠᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠤᠰᠬᠠᠢ ᠰᠡᠳᠦᠪ ᠢᠶᠠᠷ ᠰᠤᠳᠤᠯᠵᠤ᠂ ᠲᠤᠰᠬᠠᠢ ᠠᠩᠬᠢ ᠪᠠᠷ ᠠᠬᠢᠭᠤᠯᠵᠤ᠂ ᠲᠤᠰᠬᠠᠢ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠰᠤᠮᠤ ᠰᠢᠶᠠᠩ ᠪᠠᠯᠭᠠᠰᠤᠨ ᠤ ᠺᠠᠳ᠋ᠷ ᠢ ᠬᠠᠯᠠᠮᠵᠢᠯᠠᠨ ᠬᠠᠶᠢᠷᠠᠯᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠲᠦᠷᠦ ᠶᠢᠨ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠬᠠᠯᠠᠮᠵᠢᠯᠠᠨ ᠬᠠᠶᠢᠷᠠᠯᠠᠬᠤ ᠶᠢ ᠺᠠᠳ᠋ᠷ ᠤᠨ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠥᠷᠭᠡᠨ ᠤᠯᠠᠨ ᠺᠠᠳ᠋ᠷ ᠤᠨ ᠭᠦᠨᠵᠡᠭᠡᠢ ᠰᠤᠷᠤᠯᠴᠠᠨ ᠰᠢᠯᠢᠳᠡᠭ ᠪᠣᠯᠬᠤ ᠪᠠᠷ ᠴᠢᠷᠮᠠᠶᠢᠬᠤ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠲᠡᠮᠡᠴᠡᠬᠦ᠂ ᠪᠣᠳᠠᠲᠠᠢ ᠠᠵᠢᠯᠯᠠᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠶᠢ ᠤᠷᠮᠠᠰᠢᠭᠤᠯᠤᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠰᠢᠶᠠᠨ ᠤ ᠳᠤᠯᠠᠭᠠᠯᠭ᠎ᠠ ᠶᠢᠨ ᠪᠡᠯᠡᠳᠬᠡᠯ ᠠᠵᠢᠯ ᠵᠢᠴᠢ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ᠂ ᠠᠶᠤᠯᠭᠦᠢ ᠦᠢᠯᠡᠳᠪᠦᠷᠢᠯᠡᠯ ᠪᠣᠯᠣᠨ ᠨᠡᠶᠢᠭᠡᠮ ᠤᠨ ᠠᠮᠤᠷ ᠲᠦᠪᠰᠢᠨ ᠤ ᠪᠠᠲᠤᠯᠠᠪᠤᠷᠢ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠤᠯᠠᠭᠠᠯᠭ᠎ᠠ ᠶᠢᠨ ᠬᠤᠭᠤᠯᠠᠢ ᠶᠢᠨ ᠲᠣᠣᠷ ᠢ ᠪᠠᠶᠢᠴᠠᠭᠠᠨ ᠵᠠᠰᠠᠬᠤ᠂ ᠲᠤᠨᠤᠭ ᠲᠥᠬᠦᠭᠡᠷᠦᠮᠵᠢ ᠶᠢ ᠲᠤᠷᠰᠢᠨ ᠬᠠᠮᠠᠭᠠᠯᠠᠬᠤ ᠠᠵᠢᠯ ᠢ ᠭᠦᠨᠵᠡᠭᠡᠢ ᠥᠷᠨᠢᠭᠦᠯᠵᠦ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠵᠤ᠂ ᠵᠠᠰᠠᠬᠤ ᠶᠣᠰᠣᠲᠠᠢ ᠶᠢ ᠨᠢ ᠪᠦᠬᠦᠨ ᠢ ᠵᠠᠰᠠᠵᠤ᠂ ᠳᠤᠯᠠᠭᠠᠯᠭ᠎ᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠰᠢᠶᠠᠨ ᠤ ᠤᠯᠠᠨ ᠲᠦᠮᠡᠨ ᠤ ᠡᠪᠦᠯ ᠢ ᠳᠤᠯᠠᠭᠠᠬᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠶᠠᠰᠤ ᠴᠢᠨᠠᠷ ᠰᠠᠶᠢᠨ᠂ ᠪᠠᠷᠠᠭᠠᠨ ᠤ ᠦᠨ᠎ᠡ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠠᠯᠠᠪᠤᠷ ᠭᠠᠵᠠᠷ ᠪᠣᠯᠣᠨ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠡᠮᠬᠢ ᠳᠢᠭᠯᠢᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃               ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号