ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠥᠭᠵᠢᠭᠦᠯᠦᠨ ᠮᠠᠨᠳᠤᠭᠤᠯᠵᠤ᠂ ᠪᠦᠬᠦ ᠰᠢᠶᠠᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠬᠤ ᠶᠢᠨ ᠲᠥᠯᠥᠭᠡ᠂ 9 ᠰᠠᠷ᠎ᠠ ᠶᠢᠨ 27 ᠤ ᠡᠳᠦᠷ᠂ ᠦᠴᠦᠸᠠᠨ ᠰᠢᠶᠠᠨ ᠤ ᠤᠯᠠᠭᠠᠨᠮᠥ᠋ᠴᠢᠷ ︽ᠨᠠᠢᠮᠠᠨ | ᠰᠠᠷ᠎ᠠ ᠶᠢᠨ ᠠᠷᠪᠠᠨ ᠲᠠᠪᠤᠨ ᠤ ᠪᠠᠶᠠᠷ ᠢ ᠤᠭᠲᠤᠵᠤ ᠤᠯᠤᠰ ᠤᠨ ᠪᠠᠶᠠᠷ ᠢ ᠪᠡᠯᠡᠭᠯᠡᠬᠦ︾ ᠭᠤᠣᠯ ᠰᠡᠳᠦᠪᠲᠦ ᠠᠵᠢᠯᠯᠠᠭ᠎ᠠ | ᠥᠷᠨᠢᠭᠦᠯᠵᠦ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠢ ᠪᠡᠯᠭᠡᠯᠡᠬᠦ ᠪᠠ ᠡᠬᠡ ᠤᠯᠤᠰ ᠤᠨ ᠢᠶᠠᠨ ᠮᠡᠨᠳᠦᠯᠡᠭᠰᠡᠨ | ᠪᠠᠶᠠᠷ ᠢ ᠬᠠᠮᠲᠤᠪᠠᠷ ᠤᠭᠲᠤᠬᠤ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠷᠢᠯᠡᠵᠡᠢ᠃ | | | | | | | | | ᠬᠥᠮᠥᠰ ᠤᠨ ᠰᠡᠳᠬᠢᠯ ᠢ ᠳᠣᠭᠳᠣᠯᠤᠭᠤᠯᠤᠮ᠎ᠠ ᠬᠥᠭ ᠠᠶᠠᠰ ᠢ ᠳᠠᠭᠠᠯᠳᠤᠨ᠂ ᠪᠥᠵᠢᠭ ᠤᠨ ᠲᠣᠭᠯᠠᠯᠲᠠ ︽ᠡᠶ᠎ᠡ | ᠵᠣᠬᠢᠴᠠᠯᠳᠤ ᠪᠠᠶᠠᠷ ᠤᠨ ᠳᠠᠭᠤᠤ︾ ᠳᠤ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ᠂ ᠮᠣᠷᠢᠨ ᠬᠤᠭᠤᠷ ᠤᠨ ᠨᠠᠶᠢᠷᠠᠯ | ᠬᠥᠭᠵᠢᠮ᠂ ᠬᠤᠶᠠᠷ ᠬᠦᠮᠦᠨ ᠤ ᠡᠯᠭᠦᠴᠡᠭᠡ ᠶᠢᠨ ᠬᠤᠣᠰᠯᠠᠯ ᠳᠠᠭᠤᠤ᠂ ᠳᠥᠷᠪᠡᠨ ᠤᠲᠠᠰᠤᠲᠤ ᠬᠤᠭᠤᠷ ᠤᠨ ᠭᠤᠴᠣᠯᠠᠯ | ᠬᠥᠭᠵᠢᠮ᠂ ᠱᠤᠭ ᠵᠦᠴᠦᠭᠡ ᠵᠡᠷᠭᠡ ᠡᠯ᠎ᠡ ᠥᠩᠭᠡ ᠶᠢᠨ ᠲᠣᠭᠯᠠᠯᠲᠠ ᠶᠢ ᠵᠠᠯᠭᠠᠭ᠎ᠠ ᠵᠠᠯᠭᠠᠭ᠎ᠠ ᠪᠠᠷ ᠳᠡᠯᠭᠡᠨ | ᠦᠵᠡᠭᠦᠯᠪᠡ᠃ ᠠᠯᠢ ᠤᠯᠠᠨ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠢ | ᠪᠠᠶᠠᠷᠯᠠᠭᠤᠯᠵᠤ᠂ ᠠᠯᠠᠭ᠎ᠠ ᠲᠡᠰᠢᠯᠲᠡ ᠶᠢᠨ ᠲᠠᠭᠤᠨ ᠲᠠᠰᠤᠷᠠᠯᠳᠡ ᠦᠭᠡᠢ ᠴᠤᠤᠷᠢᠶᠠᠲᠤᠭᠤᠯᠵᠤ᠂ ᠤᠯᠠᠨ ᠢᠶᠠᠷ ᠢᠶᠠᠨ | ᠪᠠᠶᠠᠷ ᠬᠦᠷ ᠲᠠᠢ ᠪᠠᠷ ᠰᠣᠨᠢᠷᠬᠠᠵᠤ᠂ ᠪᠠᠶᠢᠨ ᠪᠠᠶᠢᠨ ᠭᠠᠷ ᠤᠳᠠᠰᠤ ᠪᠠᠷ ᠭᠤᠶᠢᠳᠠ ᠰᠠᠶᠢᠬᠠᠨ ᠭᠱᠠᠨ ᠵᠠᠭᠤᠷ᠎ᠠ ᠶᠢ | ᠲᠡᠮᠳᠡᠭᠯᠡᠨ᠎ᠡ᠃ ᠲᠠᠶᠢᠰᠠᠨ ᠳᠡᠭᠡᠷ᠎ᠡ ᠲᠠᠶᠢᠰᠠᠨ ᠳᠣᠣᠷ᠎ᠠ᠂ ᠭᠠᠵᠠᠷ ᠪᠣᠯᠭᠠᠨ ᠳᠤ ᠨᠠᠢᠮᠠᠨ ᠰᠠᠷ᠎ᠠ ᠶᠢᠨ ᠠᠷᠪᠠᠨ ᠲᠠᠪᠤᠨ ᠤ | ᠲᠡᠷᠭᠡᠯ ᠰᠠᠷᠠᠨ ᠢ ᠬᠠᠮᠲᠤ ᠪᠠᠷ ᠰᠣᠨᠢᠷᠬᠠᠬᠤ᠂ ᠤᠯᠤᠰ ᠭᠡᠷ ᠤᠨ ᠪᠠᠶᠢᠳᠠᠯ ᠢ ᠬᠠᠮᠲᠤ ᠪᠠᠷ ᠶᠠᠷᠢᠯᠴᠠᠬᠤ ᠪᠠᠶᠠᠷ ᠪᠠᠶᠠᠰᠤᠯ | ᠪᠠ ᠡᠶ᠎ᠡ ᠵᠣᠬᠢᠴᠠᠯ ᠲᠠᠢ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ | | | | | | | | | | | | | | | | | | ᠲᠣᠰ ᠤᠳᠠᠭᠠᠨ ᠤ ᠠᠵᠢᠯᠯᠠᠭ᠎ᠠ ᠨᠢ ︽ᠬᠤᠣᠰ ᠪᠠᠶᠠᠷ︾ ᠢ ᠬᠠᠮᠲᠤ ᠪᠠᠷ ᠪᠡᠯᠭᠡᠯᠡᠬᠦ ᠪᠠᠷ ᠭᠤᠣᠯ ᠰᠡᠳᠦᠪ | ᠪᠣᠯᠭᠠᠵᠤ᠂ ᠪᠠᠶᠠᠯᠢᠭ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠥᠷᠭᠡᠨ ᠣᠯᠠᠨ ᠰᠠᠭᠤᠭᠠᠯᠢ ᠠᠷᠠᠳ ᠲᠤ | ᠠᠪᠴᠢᠷᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠣᠶᠣᠯ ᠢᠶᠠᠷ | ᠬᠥᠮᠥᠰ ᠤᠨ ᠰᠡᠳᠬᠢᠯ ᠢ ᠨᠢᠭᠲᠠᠷᠠᠭᠤᠯᠤᠨ᠂ ᠠᠵᠢᠯᠯᠠᠭ᠎ᠠ ᠪᠠᠷ ᠪᠣᠯᠪᠠᠰᠤᠨ ᠢ ᠠᠬᠢᠭᠤᠯᠵᠤ᠂ ᠪᠠᠶᠠᠷ ᠤᠨ ᠡᠳᠦᠷ ᠤᠨ | ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |