ᠨᠠᠰᠢ ᠴᠠᠰᠢ ᠵᠣᠷᠴᠢᠬᠤ ᠬᠦᠮᠦᠰ ᠠᠩᠬᠠᠷᠣᠭᠠᠷᠠᠢ
ᠨᠡᠶᠢᠲᠡᠯᠡᠭᠰᠡᠨ ᠴᠠᠭ᠄
2023/9/28
     ᠲᠡᠷᠬᠡᠯ ᠤᠨ ᠪᠠᠶᠠᠷ ᠪᠠ ᠣᠯᠣᠰ ᠤᠨ ᠪᠠᠶᠠᠷ ᠤᠨ ᠠᠮᠠᠷᠠᠯᠳᠠ ᠬᠦᠷᠴᠣ ᠢᠷᠡᠬᠦ ᠳᠠᠰᠢᠷᠠᠮ ᠢᠶᠠᠷ ᠪᠦᠬᠦ ᠣᠯᠣᠰ  ᠲᠤ ᠨᠠᠰᠢ ᠴᠠᠰᠢ ᠵᠣᠷᠴᠢᠬᠤ ᠬᠦᠮᠦᠰ ᠶᠡᠬᠡᠪᠡᠷ ᠣᠯᠠᠰᠢᠷᠠᠬᠤ ᠪᠣᠯᠣᠨ᠎ᠠ᠃ ᠳᠣᠳᠣᠭᠠᠳᠣ ᠶᠢ ᠬᠠᠮᠠᠭᠠᠯᠠᠬᠤ ᠶᠠᠮᠣᠨ ᠤ ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠳᠣᠪᠴᠢᠶ᠎ᠠ ᠣᠶᠢᠷ᠎ᠠ ᠳᠤ ᠠᠮᠠᠷᠠᠯᠳᠠ ᠶᠢᠨ ᠬᠤᠭᠤᠴᠠᠭᠠᠨ ᠳᠤ ᠨᠠᠰᠢ ᠴᠠᠰᠢ ᠵᠣᠷᠴᠢᠬᠤ ᠠᠶᠠᠨᠴᠢᠳ ᠤᠨ ᠠᠮᠦᠷ ᠲᠦᠪᠰᠢᠨ ᠤ ᠳᠣᠬᠠᠢ ᠰᠠᠨᠠᠭᠤᠯᠣᠮᠵᠢ ᠨᠡᠶᠢᠳᠡᠯᠡᠵᠡᠢ  ᠃          ᠡᠨᠡ ᠵᠢᠯ ᠤᠨ ᠠᠮᠠᠷᠠᠯᠳᠠ ᠶᠢᠨ ᠬᠤᠭᠤᠴᠠᠭ᠎ᠠ ᠣᠷᠳᠣ᠂ ᠦᠪᠡᠷ ᠢᠶᠠᠨ ᠲᠡᠷᠬᠡ ᠵᠢᠯᠣᠭᠤᠳᠴᠣ ᠬᠤᠯᠠ ᠵᠠᠮ ᠬᠦᠬᠡᠬᠡᠬᠦ ᠪᠠᠶᠢᠳᠠᠯ ᠣᠯᠠᠰᠢᠷᠠᠬᠤ ᠪᠣᠯᠬᠤᠷ᠂ ᠠᠮᠠᠷᠠᠯᠳᠠ ᠶᠢᠨ ᠬᠤᠭᠤᠴᠠᠭᠠᠨ ᠳᠤ ᠬᠤᠯᠠ ᠵᠠᠮ ᠬᠦᠬᠡᠬᠡᠵᠦ ᠲᠡᠷᠬᠡ ᠵᠢᠯᠣᠭᠤᠳᠬᠤ ᠳᠠᠭᠠᠨ ᠠᠮᠠᠷᠠᠬᠤ ᠴᠠᠭ ᠢᠶᠠᠨ ᠵᠣᠬᠢᠰᠳᠠᠢ ᠳᠣᠬᠢᠷᠠᠭᠤᠯᠵᠣ᠂ ᠵᠠᠯᠭ᠎ᠠ ᠪᠠᠷ ᠲᠡᠷᠬᠡ ᠵᠢᠯᠣᠭᠤᠳᠬᠤ ᠳᠠᠭᠠᠨ 4 ᠴᠠᠭ ᠠᠴᠠ ᠬᠡᠳᠦᠷᠡᠬᠦᠯᠵᠦ ᠪᠣᠯᠬᠤ ᠦᠬᠡᠢ᠂ ᠣᠳᠠᠭ᠎ᠠ ᠪᠦᠷᠢ ᠲᠡᠷᠬᠡ ᠪᠠᠨ ᠵᠣᠭᠰᠣᠭᠠᠵᠣ ᠠᠮᠠᠷᠠᠬᠤ ᠴᠠᠭ ᠢ 20 ᠮᠢᠨᠦ᠋ᠲ ᠠᠴᠠ ᠳᠣᠳᠠᠭᠤ ᠪᠠᠶᠢᠯᠭᠠᠵᠣ ᠪᠣᠯᠬᠤ ᠦᠬᠡᠢ᠃ ᠰᠦᠨᠢ ᠣᠷᠳᠣ ᠬᠤᠭᠤᠴᠠᠭ᠎ᠠ ᠪᠠᠷ ᠲᠡᠷᠬᠡ ᠵᠢᠯᠣᠭᠤᠳᠬᠤ  ᠳᠤ ᠬᠤᠶᠠᠷ ᠬᠦᠮᠦᠨ ᠡᠬᠡᠯᠵᠢᠯᠡᠵᠦ᠂ ᠬᠦᠮᠦᠨ ᠪᠦᠷᠢ ᠶᠢᠨ ᠲᠡᠷᠬᠡ ᠵᠢᠯᠣᠭᠤᠳᠬᠤ ᠴᠠᠭ  ᠢ 2 ᠠᠴᠠ 4 ᠴᠠᠭ ᠤᠨ ᠬᠤᠭᠤᠷᠣᠨᠳᠣ ᠪᠠᠶᠢᠯᠭᠠᠪᠠᠯ ᠵᠣᠬᠢᠨ᠎ᠠ ᠬᠡᠵᠦ ᠵᠠᠮ ᠬᠠᠷᠢᠯᠴᠠᠭᠠᠨ ᠤ ᠬᠠᠮᠢᠶᠠᠷᠣᠯᠳᠠ ᠶᠢᠨ ᠳᠣᠪᠴᠢᠶᠠᠨ ᠠᠴᠠ ᠣᠯᠠᠨ ᠳᠤ ᠰᠠᠨᠠᠭᠤᠯᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号