ᠳ᠋ᠧ ᠱᠧᠩ ᠭᠧᠦ ᠰᠢᠶᠠᠩ
ᠨᠡᠶᠢᠲᠡᠯᠡᠭᠰᠡᠨ ᠴᠠᠭ᠄
2023/9/3
     ᠨᠢᠭᠡ᠂ ᠭᠤᠣᠯ ᠡᠭᠦᠷᠭᠡ ᠲᠤᠰᠢᠶᠠᠯ ᠬᠠᠷᠢᠭᠤᠴᠠᠯᠭ᠎ᠠ      ( ᠨᠢᠭᠡ ) ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠵᠢᠴᠢ ᠳᠡᠭᠡᠳᠦ ᠱᠠᠲᠤᠨ ᠤ ᠲᠤᠶᠢᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠦᠨ᠎ᠡ︔      ( ᠬᠤᠶᠠᠷ ) ᠲᠤᠰ ᠰᠢᠶᠠᠩ ᠤᠨ ᠠᠵᠤ ᠠᠬᠤᠢ ᠶᠢᠨ ᠠᠵᠢᠯ ᠤᠨ ᠲᠥᠯᠥᠪᠯᠡᠭᠡ ᠪᠠ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠷᠠᠳ ᠤᠯᠠᠨ ᠤ ᠠᠮᠢᠳᠤᠷᠠᠯ ᠤᠨ ᠬᠢᠷᠢ ᠬᠡᠮᠵᠢᠶ᠎ᠡ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔      ( ᠭᠤᠷᠪᠠ ) ᠤᠯᠤᠰ ᠤᠨ ᠥᠮᠴᠢᠯᠡᠯ ᠤᠨ ᠡᠳ᠋ ᠬᠥᠷᠥᠩᠭᠡ᠂ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠡᠭᠦᠷᠭᠡᠯᠡᠵᠦ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠥᠷᠥᠩᠭᠡ ᠶᠢ ᠬᠢᠨᠠᠵᠤ᠂ ᠬᠠᠮᠠᠭᠠᠯᠠᠵᠤ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠪᠠᠰᠤ ᠵᠣᠬᠢᠬᠤ ᠡᠵᠡᠨ ᠮᠡᠳᠡᠬᠦ ᠡᠷᠬᠡ᠂ ᠬᠢᠯᠢ ᠶᠢᠨ ᠳᠣᠲᠣᠷᠠᠬᠢ ᠡᠯ᠎ᠡ ᠠᠵᠤ ᠠᠬᠤᠶᠢᠯᠠᠯ ᠪᠠ ᠬᠤᠪᠢ ᠶᠢᠨ ᠡᠷᠦᠬᠡ ᠶᠢᠨ ᠤᠯᠤᠰ ᠤᠨ ᠬᠠᠤᠯᠢ ᠴᠠᠭᠠᠵᠠ᠂ ᠬᠠᠤᠯᠢ ᠵᠠᠷᠯᠠᠯ ᠪᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠢ ᠶᠢᠨ ᠭᠡᠷ᠎ᠡ ᠶᠢ ᠬᠡᠷᠡᠭᠵᠢᠭᠦᠯᠬᠦ ᠶᠠᠪᠤᠳᠠᠯ ᠳᠤ ᠬᠢᠨᠠᠯᠲᠠ ᠲᠠᠯᠪᠢᠨ᠎ᠠ︔      ( ᠳᠥᠷᠪᠡ ) ᠨᠡᠶᠢᠭᠡᠮ ᠵᠢᠷᠤᠮ ᠤᠨ ᠠᠷᠠᠳᠴᠢᠯᠠᠯ ᠪᠠ ᠬᠠᠤᠯᠢ ᠲᠦ᠋ᠷᠢᠮ ᠤᠨ ᠲᠤᠬᠠᠢ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠠᠷᠠᠳ ᠢᠷᠭᠡᠳ ᠤᠨ ᠡᠷᠬᠡ ᠠᠰᠢᠭ ᠢ ᠪᠠᠲᠤᠯᠠᠨ᠎ᠠ︔ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠲᠣᠰᠬᠤᠨ ᠤ ᠠᠷᠠᠳ ᠤᠨ ᠵᠥᠪᠯᠡᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠨᠡᠭᠦᠳᠡᠯ ᠬᠥᠮᠥᠨ ᠠᠮᠠ ᠶᠢ ᠬᠠᠤᠯᠢ ᠶᠣᠰᠣᠭᠠᠷ ᠬᠠᠮᠢᠶᠠᠷᠴᠤ᠂ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠨ᠂ ᠢᠷᠭᠡᠨ ᠤ ᠬᠡᠷᠡᠭ ᠤᠨ ᠵᠢᠭᠤᠷᠠᠯᠳᠤᠭᠠᠨ ᠢ ᠡᠶᠡᠳᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ︔      (  ᠲᠠᠪᠤ  ) ᠨᠡᠶᠢᠭᠡᠮ ᠤᠨ ᠡᠯ᠎ᠡ ᠵᠦᠢᠯ ᠤᠨ ᠦᠢᠯᠡᠰ ᠢ ᠬᠥᠭᠵᠢᠭᠦᠯᠬᠦ ᠲᠥᠯᠥᠪᠯᠡᠭᠡ ᠶᠢ ᠲᠣᠭᠲᠠᠭᠠᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠠᠷᠠᠳ ᠤᠨ ᠶᠠᠪᠤᠳᠠᠯ᠂ ᠰᠣᠶᠣᠯ ᠤᠨ ᠦᠢᠯᠡᠰ ᠢ ᠬᠥᠭᠵᠢᠭᠦᠯᠦᠨ᠎ᠡ︔ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠪᠤᠰᠤᠳ ᠡᠯ᠎ᠡ ᠲᠦᠷᠦᠯ ᠤᠨ ᠰᠤᠷᠭᠠᠨ ᠬᠥᠮᠦᠵᠢᠯ ᠢ ᠵᠣᠬᠢᠶᠠᠨ ᠪᠠᠶᠢᠭᠤᠯᠵᠤ ᠲᠥᠯᠥᠪᠯᠡᠭᠡ ᠲᠠᠢ ᠪᠠᠷ ᠬᠡᠦᠬᠡᠳ ᠠᠪᠬᠤ ᠠᠵᠢᠯ ᠢ ᠴᠢᠩᠭᠠᠳᠬᠠᠨ᠎ᠠ︔ ᠨᠡᠶᠢᠭᠡᠮ ᠤᠨ ᠪᠠᠲᠤᠯᠠᠭ᠎ᠠ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠪᠠ ᠨᠠᠰᠤᠵᠢᠯ ᠤᠨ ᠳᠠᠭᠠᠳᠬᠠᠯ ᠤᠨ ᠠᠵᠢᠯ ᠢ ᠠᠬᠢᠭᠤᠯᠤᠨ᠎ᠠ︔      ( ᠵᠢᠷᠭᠤᠭ᠎ᠠ ) ᠰᠢᠶᠠᠩ ᠤᠨ ᠱᠠᠲᠤᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠲᠥᠯᠥᠪᠯᠡᠭᠡ ᠶᠣᠰᠣᠭᠠᠷ ᠵᠣᠬᠢᠶᠠᠨ ᠪᠠᠶᠢᠭᠤᠯᠤᠨ ᠬᠠᠮᠢᠶᠠᠷᠴᠤ᠂ ᠤᠯᠤᠰ ᠤᠨ ᠬᠤᠯᠪᠣᠭᠳᠠᠯ ᠪᠦᠬᠦᠢ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠣᠷᠣᠯᠭ᠎ᠠ ᠶᠢᠨ ᠪᠡᠶᠡᠯᠡᠭᠳᠡᠬᠦ ᠶᠢ ᠪᠠᠲᠤᠯᠠᠨ᠎ᠠ︔ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ︔      ( ᠳᠣᠯᠤᠭ᠎ᠠ ) ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠭᠡᠷ ᠪᠠᠶᠢᠰᠢᠩ ᠭᠠᠵᠠᠷ ᠰᠢᠷᠣᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠣᠷᠴᠢᠨ ᠲᠣᠭᠤᠷᠢᠨ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ︔      ( ᠨᠠᠢᠮᠠ ) ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠭ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠰᠠᠶᠢᠲᠤᠷ ᠠᠳᠬᠤᠵᠤ᠂ ᠲᠠᠷᠢᠶᠠᠴᠢᠳ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ︔      ( ᠶᠢᠰᠦ ) ᠰᠢᠶᠠᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯ ᠢ ᠳᠠᠭᠠᠭᠠᠨ ᠭᠦᠢᠴᠡᠳᠬᠡᠨ᠎ᠡ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ( ᠨᠢᠭᠡ ) ᠨᠠᠮ ᠵᠠᠰᠠᠭ ᠤᠨ ᠪᠠᠶᠢᠭᠤᠯᠤᠮᠵᠢ      1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ      2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ      3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ      4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ      5. ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ      ( ᠬᠤᠶᠠᠷ ) ᠠᠵᠢᠯ ᠦᠢᠯᠡᠰ ᠤᠨ ᠪᠠᠶᠢᠭᠤᠯᠤᠮᠵᠢ ︵ᠳᠡᠳ᠋ ᠰᠠᠯᠠᠭ᠎ᠠ ᠶᠢᠨ ᠳᠡᠰ︶      1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ      2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      3.ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ      ᠭᠤᠷᠪᠠ᠂ ᠠᠵᠢᠯᠯᠠᠬᠤ ᠬᠠᠶᠠᠭ᠄ ᠦᠴᠦᠸᠠᠨ ᠰᠢᠶᠠᠨ ᠤ ᠳ᠋ᠧ ᠱᠧᠩ ᠭᠧᠦ ᠰᠢᠶᠠᠩ ᠤᠨ ᠠᠷᠠᠳ ᠤᠨ ᠵᠠᠰᠠᠭ ᠤᠨ ᠣᠷᠳᠣᠨ      ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30      ᠲᠠᠪᠤ᠂ ᠤᠲᠠᠰᠤ᠄ 0471-8862007      ᠵᠢᠷᠭᠤᠭ᠎ᠠ᠂ ᠬᠠᠷᠢᠭᠤᠴᠠᠯᠭᠠᠲᠠᠨ᠄ ᠶᠢᠨ ᠱᠣᠸ ᠯᠢᠨ᠂ ᠯᠢᠦ ᠬᠤᠩ ᠰᠢᠶᠠ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号