︽ᠲᠣᠷᠭᠠᠨ ᠵᠠᠮ ᠤᠨ ᠪᠤᠭᠤᠳᠠᠢ ᠶᠢᠨ ᠠᠶᠠᠯᠭᠤ ᠰᠦᠷᠯᠢᠭ ᠰᠠᠶᠢᠬᠠᠨ ᠤᠮᠠᠷᠠᠲᠤ ᠬᠢᠯᠢ︾ ᠦᠴᠦᠸᠠᠨ ᠰᠢᠶᠠᠨ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ(ᠶᠤᠤᠮᠠᠢ) ᠶᠢᠨ ᠰᠣᠶᠣᠯ ᠤᠨ ᠨᠠᠶᠢᠷ ᠵᠢᠴᠢ 2023 ᠣᠨ ᠤ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠨᠠᠮᠤᠷ ᠤᠨ ᠤᠯᠠᠷᠢᠯ ᠤᠨ ᠲᠣᠰᠬᠤᠨ ᠤ ᠦᠳᠡᠰᠢᠯᠡᠭᠡ ᠶᠢ ᠡᠷᠭᠢᠯᠡᠪᠡ
ᠨᠡᠶᠢᠲᠡᠯᠡᠭᠰᠡᠨ ᠴᠠᠭ᠄
2023/9/4
     9 ᠰᠠᠷ᠎ᠠ ᠶᠢᠨ 2  ᠤᠨ ᠣᠷᠣᠢ᠂ ᠦᠴᠦᠸᠠᠨ ᠰᠢᠶᠠᠨ ︽ᠲᠣᠷᠭᠠᠨ ᠵᠠᠮ ᠤᠨ ᠪᠤᠭᠤᠳᠠᠢ ᠶᠢᠨ ᠠᠶᠠᠯᠭᠤ ᠰᠦᠷᠯᠢᠭ ᠰᠠᠶᠢᠬᠠᠨ ᠤᠮᠠᠷᠠᠲᠤ ᠬᠢᠯᠢ︾ ᠭᠡᠬᠦ ᠭᠤᠣᠯ ᠰᠡᠳᠦᠪᠲᠦ ᠠᠷᠪᠠᠨ ᠨᠢᠭᠡᠳᠦᠭᠡᠷ ᠬᠤᠭᠤᠴᠠᠭᠠᠨ ᠤ ᠨᠣᠬᠠᠢ ᠶᠢᠨ ᠬᠤᠰᠢᠭᠤ(ᠶᠤᠤᠮᠠᠢ) ᠶᠢᠨ ᠰᠣᠶᠣᠯ ᠤᠨ ᠨᠠᠶᠢᠷ ᠵᠢᠴᠢ 2023 ᠣᠨ ᠤ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠨᠠᠮᠤᠷ ᠤᠨ ᠤᠯᠠᠷᠢᠯ ᠤᠨ ᠲᠣᠰᠬᠤᠨ ᠤ ᠦᠳᠡᠰᠢᠯᠡᠭᠡ ᠶᠢ ᠡᠷᠬᠢᠯᠡᠪᠡ᠃
     ᠦᠳᠡᠰᠢᠯᠡᠭᠡ ᠨᠢ ᠪᠠᠭᠠᠴᠤᠳ ᠬᠡᠦᠬᠡᠳ ᠤᠨ ᠪᠥᠵᠢᠭ ︽ᠵᠢᠵᠢᠭ ᠳᠡᠪᠢᠭᠦᠷ ᠤᠨ ᠬᠡᠩᠭᠡᠷᠭᠡᠨ ᠪᠥᠵᠢᠭ︾ ᠤᠨ ᠳᠤᠮᠳᠠ ᠬᠥᠰᠢᠭᠡ ᠪᠠᠨ ᠰᠡᠬᠦᠵᠦ᠂ ᠮᠠᠩᠬᠠᠨ ᠳᠠᠭᠤᠤ ︽ᠶᠤᠤᠮᠠᠢ ᠶᠢ ᠬᠠᠳᠤᠭᠰᠠᠨ ᠨᠢ︾᠂ ᠪᠥᠵᠢᠭ ︽ᠬᠦᠰᠡᠯᠡᠩ ᠤᠨ ᠬᠡᠭᠡᠷ᠎ᠡ ᠲᠠᠯ᠎ᠠ ᠳᠤ︾᠂ ᠭᠠᠭᠴᠠ ᠬᠥᠮᠥᠨ ᠤ ᠴᠠᠷᠭᠢᠯ ᠬᠤᠯᠪᠣᠭ᠎ᠠ ︽ᠨᠠᠮ ᠤᠨ ᠲᠥᠷᠥ ᠶᠢᠨ ᠪᠣᠳᠣᠯᠭ᠎ᠠ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾᠂ ᠰᠢ ᠵᠦᠴᠦᠭᠡ ︽ᠬᠠᠶᠢᠷ᠎ᠠ ᠬᠠᠯᠠᠮᠵᠢ ᠶᠢᠨ ᠠᠵᠢᠯᠯᠠᠭ᠎ᠠ︾᠂ ᠪᠡᠭᠡᠵᠢᠩ ᠵᠦᠴᠦᠭᠡ ︽ᠪᠠᠷᠰ ᠢ ᠴᠣᠬᠢᠵᠤ ᠠᠭᠤᠯᠠᠨ ᠳᠤ ᠭᠠᠷᠤᠭᠰᠠᠨ ᠨᠢ︾ ᠵᠡᠷᠭᠡ 10 ᠭᠠᠷᠤᠢ ᠲᠣᠭᠯᠠᠯᠲᠠ ᠵᠠᠯᠭᠠᠭ᠎ᠠ ᠪᠠᠷ ᠲᠠᠶᠢᠰᠠᠨ ᠳᠤ ᠭᠠᠷᠴᠤ᠂ ᠤᠤᠯ ᠶᠠᠩᠵᠤ ᠪᠠᠨ ᠬᠠᠳᠠᠭᠠᠯᠠᠭᠰᠠᠨ ᠲᠣᠭᠯᠠᠯᠲᠠ ᠪᠠᠷ ᠢᠶᠠᠨ ᠬᠥᠳᠡᠭᠡ ᠲᠣᠰᠬᠤᠨ ᠤ ᠠᠭᠤᠷ ᠠᠮᠢᠰᠬᠤᠯ᠂ ᠠᠷᠠᠳ ᠤᠨ ᠵᠠᠩ ᠰᠤᠷᠲᠠᠯ ᠠᠷᠠᠳ ᠤᠨ ᠪᠠᠶᠢᠳᠠᠯ ᠪᠣᠯᠣᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠭᠤᠯᠬᠤᠨ ᠢ ᠦᠵᠡᠭᠴᠢᠳ ᠤᠨ ᠡᠮᠦᠨ᠎ᠡ ᠢᠯᠡᠷᠡᠭᠦᠯᠵᠦ᠂ ᠮᠠᠨ ᠤ ᠰᠢᠶᠠᠨ ᠤ ᠠᠷᠠᠳ ᠢᠷᠭᠡᠳ ᠪᠠᠶᠠᠵᠢᠭᠰᠠᠨ᠂ ᠲᠠᠷᠢᠶᠠᠴᠢᠨ ᠪᠠᠶᠠᠵᠢᠭᠰᠠᠨ᠂ ᠦᠵᠡᠰᠬᠦᠯᠡᠩᠲᠦ ᠬᠥᠳᠡᠭᠡ ᠲᠣᠰᠬᠤᠨ ᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃        ᠣᠶᠢᠯᠠᠭᠠᠭᠰᠠᠨ ᠢᠶᠠᠷ᠂ ᠲᠣᠰ ᠤᠳᠠᠭᠠᠨ ᠤ ᠦᠳᠡᠰᠢᠯᠡᠭᠡ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶ᠎ᠠ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠤᠬᠠᠭᠤᠯᠬᠤ ᠬᠡᠯᠲᠡᠰ᠂ ᠦᠴᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠬᠠᠮᠵᠢᠯᠴᠠᠨ ᠡᠷᠭᠢᠯᠡᠵᠦ᠂ ᠦᠴᠦᠸᠠᠨ ᠰᠢᠶᠠᠨ ᠤ ᠰᠣᠶᠣᠯ ᠤᠨ ᠣᠷᠳᠣᠨ ᠪᠠ ᠡᠯ᠎ᠡ ᠨᠡᠶᠢᠭᠡᠮ ᠲᠣᠭᠤᠷᠢᠭ ᠤᠨ ᠣᠯᠠᠨ ᠲᠦᠮᠡᠨ ᠤ ᠰᠣᠶᠣᠯ ᠤᠨ ᠪᠦᠯᠬᠦᠮ ᠳᠠᠭᠠᠭᠠᠴᠢᠯᠠᠨ ᠡᠷᠭᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号