ᠬᠠᠷᠠᠭᠤᠯ ᠪᠠᠯᠭᠠᠰᠤ ᠪᠥᠬᠦ ᠣᠷᠣᠨ ᠤ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠶᠢ ᠭᠦᠨᠵᠡᠭᠡᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠤ ᠢᠳᠡᠪᠬᠢᠲᠡᠢ ᠣᠷᠣᠯᠴᠠᠪᠠ
ᠨᠡᠶᠢᠲᠡᠯᠡᠭᠰᠡᠨ ᠴᠠᠭ᠄
2023/9/4
     ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠲᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ 31 ᠤ ᠡᠳᠦᠷ ᠪᠣᠯᠲᠠᠯ᠎ᠠ᠂ ᠪᠥᠬᠦ ᠣᠷᠣᠨ ᠤ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠶᠢ ᠭᠦᠨᠵᠡᠭᠡᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠸᠢᠳᠢᠤ᠋ ᠬᠤᠷᠠᠯ ᠢ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠤᠷᠠᠯ ᠤᠨ ᠭᠡᠷ ᠲᠤ ᠡᠷᠭᠢᠯᠡᠵᠦ᠂ ᠬᠠᠷᠠᠭᠤᠯ ᠪᠠᠯᠭᠠᠰᠤᠨ ᠤ 11 ᠲᠣᠰᠬᠤᠨ ᠤ ᠠᠷᠠᠳ ᠤᠨ ᠵᠥᠪᠯᠡᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠬᠠᠷᠢᠭᠤᠴᠠᠯᠭᠠᠲᠠᠨ ᠵᠢᠴᠢ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠬᠤᠷᠠᠯ ᠳᠤ ᠣᠷᠣᠯᠴᠠᠪᠠ᠃
     ᠬᠤᠷᠠᠯ ᠠᠴᠠ ᠭᠤᠣᠯᠳᠠᠭᠤ ᠬᠡᠰᠡᠭ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠬᠢᠯᠠᠰ ᠴᠡᠭ ᠪᠣᠯᠣᠨ ᠲᠤᠷᠰᠢᠯᠭ᠎ᠠ ᠶᠢᠨ ᠰᠣᠯᠢᠯᠴᠠᠭ᠎ᠠ ᠶᠢ ᠲᠠᠨᠢᠯᠴᠠᠭᠤᠯᠵᠤ᠂ ᠤᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠡᠩ ᠰᠠᠶᠢᠨ ᠨᠡᠩ ᠲᠦᠷᠭᠡᠨ ᠨᠡᠩ ᠲᠦᠬᠦᠮ ᠦᠵᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠮᠠᠶ᠋ᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠤ ᠪᠠᠷ ᠨᠢᠭᠡᠳᠦᠯᠲᠡᠢ ᠵᠢᠯᠣᠭᠤᠳᠤᠯᠭ᠎ᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠥᠬᠡᠬᠤᠲᠠ ᠳᠥᠭᠦᠮ ᠭᠦᠢᠴᠡᠳᠭᠡᠬᠦ · ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠦᠢᠯᠡᠰ ᠤᠨ ᠬᠡᠷᠡᠭ ᠶᠠᠪᠤᠳᠠᠯ ᠭᠦᠢᠴᠡᠳᠬᠡᠬᠦ ᠵᠦᠭᠯᠡᠭᠦᠷ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠰᠠᠭᠤᠷᠢ ᠨᠠᠷᠢᠨ ᠲᠠᠩᠰᠠ ᠶᠢ ᠭᠦᠢᠴᠡᠳᠬᠡᠬᠦ ᠴᠤᠪᠤᠷᠠᠯ ᠢ ᠰᠠᠶᠢᠲᠤᠷ ᠡᠮᠬᠢᠯᠡᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠠᠵᠢᠯ ᠤᠨ ᠡᠬᠡ ᠲᠠᠩᠰᠠ ᠶᠢ ᠵᠢᠷᠤᠮᠵᠢᠭᠤᠯᠬᠤ ᠶᠢᠨ ᠬᠠᠮᠲᠤ ᠬᠠᠷᠢᠶᠠᠲᠤ ᠣᠷᠣᠨ ᠤ ᠣᠯᠠᠨ ᠲᠦᠮᠡᠨ ᠳᠤ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠶᠢᠨ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠤᠬᠠᠭᠤᠯᠬᠤ ᠪᠠᠨ ᠴᠢᠩᠭᠠᠳᠬᠠᠵᠤ᠂ ᠵᠢᠱᠢᠶ᠎ᠡ ᠦᠵᠡᠭᠦᠯᠬᠦ ᠱᠠᠲᠤᠨ ᠤ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ︾ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠣᠰ ᠤᠳᠠᠭᠠᠨ ᠤ ᠬᠤᠷᠠᠯ ᠢᠶᠠᠷ ᠳᠡᠮᠵᠢᠨ᠂ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠶᠢᠨ ᠪᠣᠶ ᠪᠦᠬᠦᠢ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠵᠦᠢᠯᠡᠰ ᠤᠨ ᠲᠤᠬᠠᠢ ᠣᠶᠢᠯᠠᠭᠠᠯᠲᠠ ᠶᠢ ᠭᠦᠨᠵᠡᠭᠡᠶᠢᠷᠡᠭᠦᠯᠦᠨ᠂ ᠲᠠᠷᠠᠭᠠᠴᠢ ᠶᠢᠨ ᠠᠯᠬᠤᠮ ᠳᠤ ᠣᠯᠠᠨ ᠲᠠᠰ ᠳᠠᠪᠬᠤᠷᠭ᠎ᠠ ᠶᠢᠨ᠂ ᠨᠠᠩ ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠠᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃ ᠬᠤᠶᠢᠰᠢᠳᠠ ᠬᠠᠪᠰᠤᠷᠤᠨ ᠭᠦᠢᠴᠡᠳᠭᠡᠭᠴᠢ ᠣᠷᠣᠯᠠᠨ ᠭᠦᠢᠴᠡᠳᠭᠡᠭᠴᠢ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠳᠠᠪᠠᠭᠤᠯᠢᠭ ᠢᠶᠠᠨ ᠪᠠᠳᠠᠷᠠᠭᠤᠯᠤᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠨᠠᠩ ᠴᠢᠨᠠᠷ ᠰᠠᠶᠢᠲᠠᠢ᠂ ᠠᠷᠠᠳ ᠲᠤ ᠨᠠᠩ ᠲᠥᠬᠦᠮ᠂ ᠨᠠᠩ ᠥᠨᠳᠥᠷ ᠪᠦᠲᠦᠮᠵᠢᠲᠡᠶ ᠴᠢᠭᠯᠡᠯ ᠳᠠᠰᠢ ᠬᠥᠭᠵᠢᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠪᠣᠯᠣᠨ᠎ᠠ᠃          ᠢᠷᠡᠯᠲᠡ᠄ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号