7 ᠰᠠᠷ᠎ᠠ ᠳᠤ ᠪᠦᠭᠦ ᠤᠯᠤᠰ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠨᠡᠶᠢᠲᠡ 8157 ᠪᠠᠶᠢᠴᠠᠭᠠᠨ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/9/4
     ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠰᠦᠯᠵᠢᠶ᠎ᠡ 28 ᠤ ᠡᠳᠦᠷ ᠪᠦᠭᠦ ᠤᠯᠤᠰ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠰᠠᠷ᠎ᠠ ᠶᠢᠨ ᠮᠡᠳᠡᠭᠦᠯᠦᠯᠲᠡ ᠶᠢᠨ ᠲᠤᠭ᠎ᠠ ᠪᠠᠷᠢᠮᠲᠠ ᠶᠢ ᠨᠡᠶᠢᠲᠡᠯᠡᠪᠡ᠃ ᠵᠠᠷᠯᠠᠯ ᠳᠤ ᠢᠯᠡᠷᠡᠭᠦᠯᠦᠭᠰᠡᠨ ᠢᠶᠠᠷ᠂ ᠡᠨᠡ ᠵᠢᠯ ᠤᠨ 7 ᠰᠠᠷ᠎ᠠ ᠳᠤ᠂ ᠪᠦᠭᠦ ᠤᠯᠤᠰ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠠᠰᠠᠭᠤᠳᠠᠯ ᠢ ᠨᠡᠶᠢᠲᠡ 8157 ᠪᠠᠶᠢᠴᠠᠭᠠᠨ ᠰᠢᠢᠳᠪᠦᠷᠢᠯᠡᠵᠦ᠂ 11674 ᠬᠥᠮᠥᠨ ︵1 ᠮᠤᠵᠢ ᠶᠠᠮᠤᠨ ᠤ ᠱᠠᠲᠤᠨ ᠤ ᠺᠠᠳ᠋ᠷ᠂ 57 ᠲᠤᠰᠬᠠᠢ ᠣᠷᠣᠨ ᠤ ᠲᠡᠰ ᠲᠢᠩᠬᠢᠮ ᠤᠨ ᠱᠠᠲᠤᠨ ᠤ ᠺᠠᠳ᠋ᠷ᠂ 736 ᠰᠢᠶᠠᠨ ᠭᠠᠵᠠᠷ ᠤᠨ ᠱᠠᠲᠤᠨ ᠤ ᠺᠠᠳ᠋ᠷ ᠪᠠᠭᠲᠠᠨ᠎ᠠ︶ ᠢ ᠰᠢᠭᠦᠮᠵᠢᠯᠡᠨ ᠰᠤᠷᠭᠠᠵᠤ ᠬᠠᠪᠰᠤᠷᠤᠨ ᠰᠢᠢᠳᠪᠦᠷᠢᠯᠡᠵᠦ᠂ 8053 ᠬᠥᠮᠥᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠪᠡ᠃      ᠵᠠᠷᠯᠠᠯ ᠢ ᠦᠨᠳᠦᠰᠦᠯᠡᠪᠡᠯ᠂ ᠡᠨᠡ ᠵᠢᠯ ᠤᠨ 7 ᠰᠠᠷ᠎ᠠ ᠳᠤ ᠪᠦᠭᠦ ᠤᠯᠤᠰ ᠤᠨ ᠬᠡᠪᠴᠢᠶᠡᠨ ᠳᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠨᠡᠶᠢᠲᠡ 3487 ᠪᠠᠶᠢᠴᠠᠭᠠᠨ ᠰᠢᠢᠳᠪᠦᠷᠢᠯᠡᠵᠦ᠂ 5457 ᠬᠥᠮᠥᠨ ᠢ ᠰᠢᠭᠦᠮᠵᠢᠯᠡᠨ ᠰᠤᠷᠭᠠᠵᠤ ᠬᠠᠪᠰᠤᠷᠤᠨ ᠰᠢᠢᠳᠪᠦᠷᠢᠯᠡᠪᠡ᠃ ᠡᠭᠦᠨ ᠳᠤ᠂ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠦᠢᠯᠡᠳᠬᠦ᠂ ᠬᠠᠭᠤᠷᠮᠠᠭ  ᠦᠢᠯᠡᠳᠬᠦ᠂ ᠴᠢᠨᠠᠷ ᠰᠠᠶᠢᠲᠠᠢ ᠬᠥᠭᠵᠢᠯᠲᠡ ᠶᠢ ᠬᠦᠨᠳᠦ ᠨᠣᠴᠢᠲᠠᠢ ᠨᠥᠯᠥᠭᠡᠯᠡᠬᠦ︾ ᠲᠠᠯ᠎ᠠ  ᠪᠠᠷ ᠬᠢ ᠠᠰᠠᠭᠤᠳᠠᠯ ᠢ ᠬᠠᠮᠤᠭ ᠤᠨ ᠣᠯᠠᠨ ᠪᠠᠶᠢᠴᠠᠭᠠᠨ ᠰᠢᠢᠳᠪᠦᠷᠢᠯᠡᠵᠦ᠂ 3064 ᠪᠠᠶᠢᠴᠠᠭᠠᠨ ᠰᠢᠢᠳᠪᠦᠷᠢᠯᠡᠵᠦ᠂ 4762 ᠬᠥᠮᠥᠨ ᠢ ᠰᠢᠭᠦᠮᠵᠢᠯᠡᠨ ᠰᠤᠷᠭᠠᠵᠤ ᠬᠠᠪᠰᠤᠷᠤᠨ ᠰᠢᠢᠳᠪᠦᠷᠢᠯᠡᠪᠡ᠃      ᠵᠠᠷᠯᠠᠯ ᠢ ᠦᠨᠳᠦᠰᠦᠯᠡᠪᠡᠯ᠂ ᠡᠨᠡ ᠵᠢᠯ ᠤᠨ 7 ᠰᠠᠷ᠎ᠠ ᠳᠤ ᠪᠦᠭᠦ ᠤᠯᠤᠰ ᠤᠨ ᠬᠡᠪᠴᠢᠶᠡᠨ ᠳᠤ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠤᠨ ᠠᠰᠠᠭᠤᠳᠠᠯ ᠢ ᠨᠡᠶᠢᠲᠡ 4670 ᠪᠠᠶᠢᠴᠠᠭᠠᠨ ᠰᠢᠢᠳᠪᠦᠷᠢᠯᠡᠵᠦ᠂ 6217 ᠬᠥᠮᠥᠨ ᠢ ᠰᠢᠭᠦᠮᠵᠢᠯᠡᠨ ᠰᠤᠷᠭᠠᠵᠤ ᠬᠠᠪᠰᠤᠷᠤᠨ ᠰᠢᠢᠳᠪᠦᠷᠢᠯᠡᠪᠡ᠃ ᠡᠭᠦᠨ ᠳᠤ᠂ ᠲᠣᠭᠲᠠᠭᠠᠯ ᠢ ᠵᠥᠷᠢᠴᠡᠨ ᠨᠠᠷᠠᠲᠤ ᠦᠨᠡᠲᠦ ᠣᠨᠴᠠ ᠭᠠᠷᠤᠯᠲᠠ ᠪᠠ ᠪᠡᠯᠡᠭ ᠰᠡᠯᠲᠡ ᠪᠡᠯᠡᠭ ᠤᠨ ᠵᠣᠭᠤᠰ ᠭᠥᠯᠢᠶᠡᠨ ᠠᠪᠤᠭᠰᠠᠨ ᠪᠠ ᠬᠦᠷᠭᠡᠭᠰᠡᠨ ᠠᠰᠠᠭᠤᠳᠠᠯ ᠢ 1923᠂ ᠲᠣᠭᠲᠠᠭᠠᠯ ᠢ ᠵᠥᠷᠢᠴᠡᠨ ᠨᠡᠮᠡᠭᠦᠷᠢ ᠮᠥᠩᠭᠦ ᠨᠥᠬᠦᠪᠦᠷᠢ ᠮᠥᠩᠭᠦ ᠪᠤᠶᠤ ᠠᠰᠠᠷᠠᠮᠵᠢ ᠲᠠᠷᠬᠠᠭᠠᠭᠰᠠᠨ ᠠᠰᠠᠭᠤᠳᠠᠯ ᠢ 676᠂ ᠲᠣᠭᠲᠠᠭᠠᠯ ᠢ ᠵᠥᠷᠢᠴᠡᠨ ᠢᠳᠡᠵᠦ ᠤᠤᠭᠤᠭᠰᠠᠨ ᠠᠰᠠᠭᠤᠳᠠᠯ ᠢ 1167 ᠪᠠᠶᠢᠴᠠᠭᠠᠨ ᠰᠢᠢᠳᠪᠦᠷᠢᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号