- ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ | ᠠᠩᠬᠠᠷᠤᠯ ᠢᠶᠠᠨ ᠲᠥᠪᠯᠡᠷᠡᠭᠦᠯᠵᠦ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠪᠠᠷ ᠬᠠᠮᠲᠤ ᠪᠠᠷ ᠪᠦᠲᠦᠭᠡᠨ | ᠪᠠᠶᠢᠭᠤᠯᠬᠤ ᠲᠤᠬᠠᠢ ᠰᠢᠷᠢᠰ ᠮᠡᠳᠡᠭᠡᠯᠡᠯ ② | ᠳᠥᠷᠪᠡᠳᠦᠭᠡᠷ ᠬᠤᠭᠤᠴᠠᠭᠠᠨ ᠤ ᠲᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤᠳᠠᠯ ᠦᠭᠡᠢ | ᠬᠥᠬᠡᠬᠤᠲᠠᠨ᠎ᠠ ᠶᠠᠪᠤᠭᠳᠠᠵᠤ᠂ ᠲᠤᠮᠳᠠᠳᠤ ᠮᠣᠩᠭᠤᠯ ᠤᠷᠤᠰ ᠤᠨ ᠰᠣᠶᠣᠯ ᠤᠨ ᠰᠣᠯᠢᠯᠴᠠᠭᠠᠨ ᠤ ᠦᠵᠡᠭᠦᠯᠭᠡ ᠶᠢᠨ | ᠲᠤᠬᠯᠠᠯᠳᠠ᠂ ︽ᠥᠪᠥᠷ ᠮᠣᠩᠭᠤᠯ ᠤᠨ ᠦᠨᠦᠷ ᠠᠮᠲᠠ︾ ᠵᠢᠴᠢ ᠤᠯᠠᠨ ᠤᠯᠤᠰ ᠤᠨ ᠠᠮᠲᠠᠲᠤ ᠢᠳᠡᠭᠡᠨ ᠤ ᠰᠣᠶᠣᠯ | ᠤᠨ ᠰᠣᠯᠢᠯᠴᠠᠭᠠᠨ ᠤ ᠠᠵᠢᠯᠯᠠᠭ᠎ᠠ ᠮᠡᠲᠦ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠮᠥᠨ ᠬᠦ ᠴᠢᠬᠤᠯᠠ ᠨᠢᠭᠡ | ᠠᠭᠤᠯᠭ᠎ᠠ ᠨᠢ ᠪᠠᠶᠢᠵᠤ᠂ ᠣᠳᠣᠬᠠᠨ ᠳᠤ ᠡᠯ᠎ᠡ ᠵᠦᠢᠯ ᠤᠨ ᠪᠡᠯᠡᠳᠬᠡᠯ ᠢᠯᠭᠤᠮ ᠤᠷᠤᠭᠰᠢᠲᠠᠢ ᠶᠠᠪᠤᠭᠳᠠᠵᠤ ᠪᠠᠶᠢᠨ᠎ᠠ | ᠃ ᠥᠩᠭᠡᠷᠡᠭᠰᠡᠨ ᠭᠤᠷᠪᠠᠨ ᠬᠤᠭᠤᠴᠠᠭᠠᠨ ᠤ ᠲᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ | ᠲᠤᠮᠳᠠᠳᠤ ᠮᠣᠩᠭᠤᠯ ᠤᠨ ᠰᠣᠶᠣᠯ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠶᠢᠨ ᠡᠭᠢᠯᠡᠯᠳᠡ ᠶᠢᠨ ᠶᠣᠰᠣᠯᠠᠯ | ᠤᠨ ᠦᠳᠡᠰᠢᠯᠡᠭᠡ᠂ ᠲᠤᠮᠳᠠᠳᠤ ᠤᠯᠤᠰ·ᠤᠯᠠᠨ ᠤᠯᠤᠰ ᠤᠨ ᠮᠣᠩᠭᠤᠯ ᠪᠥᠵᠢᠭ ᠤᠨ ᠲᠤᠬᠯᠠᠯᠳᠠ᠂ ᠵᠡᠭᠦᠨ ᠬᠤᠶᠢᠲᠤ | ᠠᠽᠢᠶ᠎ᠠ ᠶᠢᠨ ᠤᠯᠤᠰ ᠤᠳ ᠤᠨ ᠲᠤᠰᠤᠨ ᠪᠤᠳᠤᠭ ᠤᠨ ᠵᠢᠷᠤᠭ ᠤᠨ ᠦᠵᠡᠭᠦᠯᠭᠡ᠂ ︽ᠨᠢᠭᠡ ᠪᠦᠰᠡ ᠨᠢᠭᠡ ᠵᠠᠮ︾ | ᠳᠠᠭᠠᠤ ᠤᠯᠤᠰ ᠤᠳ ᠤᠨ ᠠᠮᠲᠠᠲᠤ ᠢᠳᠡᠭᠡᠨ ᠤ ᠨᠠᠶᠢᠷ ᠁ ᠭᠡᠬᠦᠴᠢᠯᠡᠨ ᠤᠯᠠᠨ ᠠᠷᠪᠢᠨ ᠤᠴᠢᠷᠲᠠᠢ ᠰᠠᠶᠢᠬᠠᠨ | ᠠᠵᠢᠯᠯᠠᠭ᠎ᠠ ᠶᠠᠪᠤᠭᠳᠠᠵᠤ᠂ ᠰᠣᠶᠣᠯ ᠤᠷᠠᠯᠢᠭ ᠤᠨ ᠰᠣᠯᠣᠩᠭᠠᠨ ᠬᠥᠭᠦᠷᠭᠡ ᠶᠢ ᠲᠠᠲᠠᠭᠤᠯᠵᠤ ᠠᠨᠳᠠ ᠨᠥᠬᠦᠷᠯᠡᠯ ᠤᠨ | ᠠᠯᠳᠠ ᠤᠶᠠᠩᠭ᠎ᠠ ᠶᠢ ᠴᠢᠪᠬᠠᠳᠠᠭᠰᠠᠨ ᠶᠤᠮ᠃ | ᠳᠤᠮᠳᠠᠳᠤ ᠮᠣᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠬᠥᠷᠰᠢᠯᠡᠵᠦ᠂ ᠬᠤᠶᠠᠷ ᠤᠯᠤᠰ ᠤᠨ | ᠠᠷᠠᠳ ᠲᠦᠮᠡᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠃ ᠮᠠᠨ ᠤ ᠤᠯᠤᠰ ᠤᠨ ᠮᠣᠩᠭᠤᠯ ᠤᠯᠤᠰ | ᠯᠤᠭ᠎ᠠ ᠶᠢᠨ ᠬᠢᠯᠢ ᠶᠢᠨ ᠱᠤᠭᠤᠮ ᠤᠨ ᠣᠷᠳᠣ 4710 ᠺᠢᠯᠣᠮᠧᠲᠷ ᠪᠠᠶᠢᠵᠤ᠂ ᠡᠭᠦᠨ ᠳᠤ 3210 ᠺᠢᠯᠣᠮᠧᠲᠷ ᠨᠢ | ᠮᠠᠨ ᠤ ᠣᠷᠣᠨ ᠳᠤ ᠪᠠᠶᠢᠳᠠᠭ ᠪᠣᠯᠬᠤᠷ ᠥᠪᠥᠷ ᠮᠣᠩᠭᠤᠯ ᠪᠣᠯᠣᠨ ᠮᠣᠩᠭᠤᠯ ᠤᠯᠤᠰ ᠬᠥᠮᠥᠨ ᠰᠣᠶᠣᠯ᠂ ᠲᠡᠦᠬᠡ᠂ | ᠵᠠᠩ ᠵᠠᠩᠰᠢᠯ ᠤᠨ ᠲᠠᠯ᠎ᠠ ᠪᠠᠷ ᠢᠵᠢᠯᠢ ᠴᠢᠨᠠᠷᠲᠠᠢ ᠪᠠᠶᠢᠵᠤ᠂ ᠬᠤᠶᠠᠷ ᠤᠯᠤᠰ ᠤᠨ ᠰᠣᠶᠣᠯ ᠤᠨ ᠰᠣᠯᠢᠯᠴᠠᠭ᠎ᠠ ᠶᠢ | ᠴᠢᠩᠭᠠᠳᠬᠠᠬᠤ ᠳᠤ ᠪᠠᠲᠤ ᠰᠠᠭᠤᠷᠢ ᠶᠢ ᠲᠠᠯᠪᠢᠪᠠ᠃ ᠳᠤᠮᠳᠠᠳᠤ ᠮᠣᠩᠭᠤᠯ ᠬᠤᠶᠠᠷ ᠤᠯᠤᠰ 2009 ᠣᠨ ᠠᠴᠠ | ᠡᠬᠢᠯᠡᠨ ᠬᠠᠷᠢᠯᠴᠠᠨ ᠰᠣᠶᠣᠯ ᠤᠨ ᠭᠠᠷᠠᠭ ᠤᠨ ᠠᠵᠢᠯᠯᠠᠭ᠎ᠠ ᠡᠷᠭᠢᠯᠡᠵᠤ᠂ ᠨᠢᠭᠡᠨᠲᠡ ᠬᠤᠶᠠᠷ ᠲᠠᠯ᠎ᠠ ᠶᠢᠨ ᠨᠡᠩ ᠭᠦᠨ | ᠳᠠᠪᠬᠤᠷᠭ᠎ᠠ ᠶᠢᠨ᠂ ᠨᠡᠩ ᠥᠷᠭᠡᠨ ᠬᠦᠷᠢᠶᠡᠨ ᠤ ᠰᠣᠶᠣᠯ ᠤᠨ ᠰᠣᠯᠢᠯᠴᠠᠭ᠎ᠠ ᠶᠢ ᠠᠬᠢᠭᠤᠯᠬᠤ ᠴᠢᠬᠤᠯᠠ ᠠᠷᠭ᠎ᠠ ᠵᠠᠮ | ᠤᠨ ᠨᠢᠭᠡ ᠪᠣᠯᠵᠤ᠂ ᠬᠤᠶᠠᠷ ᠤᠯᠤᠰ ᠤᠨ ᠠᠷᠠᠳ ᠲᠦᠮᠡᠨ ᠤ ᠤᠯᠠᠮᠵᠢᠯᠠᠯᠲᠤ ᠨᠥᠬᠦᠷᠯᠡᠯ ᠢ ᠲᠠᠰᠤᠷᠠᠯᠲᠠ ᠦᠭᠡᠢ | ᠭᠦᠨᠵᠡᠭᠡᠶᠢᠷᠡᠭᠦᠯᠪᠡ᠃ 14 ᠵᠢᠯ ᠤᠨ ᠲᠤᠷᠰᠢ᠂ ᠰᠣᠶᠣᠯ ᠤᠨ ᠭᠠᠷᠠᠭ ᠤᠨ ᠬᠤᠭᠤᠴᠠᠭᠠᠨ ᠳᠤ ᠦᠵᠡᠰᠭᠦᠯᠡᠩ | ᠳᠡᠯᠭᠡᠨ ᠦᠵᠡᠭᠦᠯᠭᠡ᠂ ᠤᠷᠠᠨ ᠰᠠᠶᠢᠬᠠᠨ ᠤ ᠲᠣᠬᠯᠠᠯᠲᠠ᠂ ᠺᠢᠨᠣ᠋ ᠶᠢᠨ ᠦᠵᠡᠭᠦᠯᠭᠡ᠂ ᠮᠣᠩᠭᠤᠯ ᠡᠮᠨᠡᠯᠭᠡ ᠶᠢᠨ | ᠠᠯᠪᠠᠨ ᠵᠢᠷᠤᠮ ᠤᠨ ᠡᠮᠴᠢᠯᠡᠭᠡ᠂ ᠨᠣᠮ ᠪᠢᠴᠢᠭ ᠬᠡᠪᠯᠡᠯ ᠤᠨ ᠦᠵᠡᠭᠦᠯᠭᠡ᠂ ᠵᠢᠭᠤᠯᠴᠢᠯᠠᠯ ᠤᠨ ᠲᠠᠨᠢᠯᠴᠠᠭᠤᠯᠭ᠎ᠠ᠂ | ᠠᠮᠲᠠᠲᠤ ᠢᠳᠡᠭᠡᠨ ᠬᠤᠪᠴᠠᠰᠤ ᠵᠠᠰᠠᠯ ᠤᠨ ᠦᠵᠡᠭᠦᠯᠭᠡ᠂ ᠵᠠᠭᠤᠴᠢᠯᠠᠭᠤᠷ ᠤᠨ ᠰᠣᠯᠢᠯᠴᠠᠭ᠎ᠠ ᠵᠡᠷᠭᠡ ᠬᠡᠳᠦᠨ ᠠᠷᠪᠠᠨ | ᠵᠦᠢᠯ ᠤᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠪᠠ ᠠᠭᠤᠯᠭ᠎ᠠ ᠭᠡᠯᠪᠡᠷᠢ ᠨᠢ ᠤᠯᠠᠮ | ᠠᠴᠠ ᠤᠯᠠᠮ ᠪᠠᠶᠠᠯᠢᠭ ᠰᠠᠶᠢᠬᠠᠨ ᠪᠣᠯᠵᠤ ᠪᠠᠶᠢᠨ᠎ᠠ᠃ ᠡᠭᠦᠨ ᠳᠤ ᠮᠠᠨ ᠤ ᠣᠷᠣᠨ ᠰᠣᠶᠣᠯ ᠢ ᠭᠠᠳᠠᠭᠰᠢ ᠭᠠᠷᠭᠠᠬᠤ | ᠪᠠᠶᠢᠯᠳᠤᠬᠤ ᠪᠣᠳᠣᠯᠭ᠎ᠠ ᠶᠢ ᠢᠳᠡᠪᠬᠢᠲᠡᠢ ᠠᠬᠢᠭᠤᠯᠵᠤ᠂ ᠵᠢᠯ ᠪᠣᠯᠭᠠᠨ ᠤ ᠰᠣᠶᠣᠯ ᠤᠨ ᠭᠠᠷᠠᠭ ᠤᠨ ᠠᠵᠢᠯᠯᠠᠭ᠎ᠠ ᠳᠤ | ᠴᠥᠮ ᠭᠢᠯᠠᠰ ᠴᠡᠭ ᠲᠠᠢ ᠪᠠᠶᠢᠵᠤ᠂︽ᠤᠮᠠᠷᠠᠲᠤ ᠬᠢᠯᠢ ᠶᠢᠨ ᠰᠣᠶᠣᠯ︾ ᠤᠨ ᠷᠢᠳᠢ ᠰᠢᠳᠢ ᠶᠢ ᠮᠣᠩᠭᠤᠯ ᠤᠯᠤᠰ ᠲᠤ | ᠥᠷᠭᠡᠨ ᠳᠡᠯᠭᠡᠷ ᠭᠦᠨ ᠭᠦᠨᠵᠡᠭᠡᠢ ᠬᠠᠷᠠᠭᠤᠯᠤᠭᠰᠠᠭᠠᠷ ᠢᠷᠡᠵᠠᠢ᠃ | 2012 ᠣᠨ ᠤ ᠭᠤᠷᠪᠠᠳᠤᠭᠠᠷ ᠬᠤᠭᠤᠴᠠᠭᠠᠨ ᠤ ︽ᠤᠯᠠᠭᠠᠨᠪᠠᠭᠠᠲᠤᠷ·ᠲᠤᠮᠳᠠᠳᠦ ᠤᠯᠤᠰ ᠤᠨ ᠥᠪᠥᠷ | ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ︾ ᠮᠣᠩᠭᠤᠯ ᠤᠯᠤᠰ ᠤᠨ ᠤᠯᠠᠭᠠᠨᠪᠠᠭᠠᠲᠤᠷ ᠬᠤᠳᠠ ᠳᠤ | ᠶᠠᠪᠤᠭᠳᠠᠵᠤ᠂ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠨ ᠶᠠᠷᠢᠶ᠎ᠠ ᠲᠠᠶᠢᠯᠤᠮᠵᠢ | ᠵᠢᠴᠢ ᠡᠷᠳᠡᠮ ᠰᠢᠨᠵᠢᠯᠡᠭᠡᠨ ᠤ ᠢᠯᠡᠳᠬᠡᠯ ᠬᠢᠵᠦ᠂ ᠡᠮ ᠡᠮᠨᠡᠯᠭᠡ ᠶᠢᠨ ᠮᠡᠷᠭᠡᠵᠢᠯ ᠢ ᠮᠣᠩᠭᠤᠯ ᠤᠯᠤᠰ ᠲᠤ | ᠳᠡᠯᠭᠡᠷᠡᠭᠦᠯᠬᠦ ᠶᠢ ᠠᠬᠢᠭᠤᠯᠪᠠ᠃ | 2014 ᠣᠨ ᠪᠣᠯ ᠳᠤᠮᠳᠠᠳᠤ ᠮᠣᠩᠭᠤᠯ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 65 ᠵᠢᠯ ᠤᠨ | ᠤᠢ ᠪᠣᠯᠣᠨ᠎ᠠ᠂ ᠲᠤᠰ ᠵᠢᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠠᠩᠬ᠎ᠠ ᠤᠳᠠᠭ᠎ᠠ ᠬᠡᠪᠴᠢᠶ᠎ᠡ ᠪᠠᠨ ᠮᠣᠩᠭᠤᠯ | ᠤᠯᠤᠰ ᠤᠨ ᠣᠷᠣᠨ ᠨᠤᠲᠤᠭ ᠭᠦᠷᠲᠡᠯ᠎ᠡ ᠥᠷᠭᠡᠳᠬᠡᠵᠦ᠂ ᠲᠠᠷᠬᠠᠨ ᠠᠭᠤᠯᠠ ᠠᠶᠢᠮᠠᠭ ᠪᠣᠯᠣᠨ ᠠᠷᠤ ᠬᠠᠩᠭᠠᠢ | ᠠᠶᠢᠮᠠᠭ ᠲᠤ ᠤᠷᠠᠨ ᠰᠠᠶᠢᠬᠠᠨ ᠤ ᠲᠣᠬᠯᠠᠯᠲᠠ᠂ ᠲᠤᠮᠳᠠᠳᠦ ᠮᠣᠩᠭᠤᠯ ᠬᠤᠶᠠᠷ ᠤᠯᠤᠰ ᠤᠨ ᠤᠷᠠᠯᠢᠭᠴᠢᠳ ᠤᠨ | ᠠᠳᠤᠭᠤ ᠪᠠᠷ ᠰᠡᠳᠦᠪᠯᠡᠭᠰᠡᠨ ᠤᠷᠠᠨ ᠵᠢᠷᠤᠭ ᠤᠨ ᠰᠣᠩᠭᠤᠳᠠᠭ ᠪᠦᠲᠦᠭᠡᠯ ᠤᠨ ᠦᠵᠡᠭᠦᠯᠭᠡ᠂ ᠲᠤᠮᠳᠠᠳᠦ ᠤᠷᠤᠰ | ᠮᠣᠩᠭᠤᠯ ᠤᠨ ᠮᠤᠨᠢ ᠠᠭᠤᠯᠠ ᠶᠢᠨ ᠬᠠᠳᠠᠨ ᠵᠢᠷᠤᠭ ᠢᠶᠠᠷ ᠰᠡᠳᠦᠪᠯᠡᠭᠰᠡᠨ ᠤᠷᠠᠯᠢᠭ ᠤᠨ ᠪᠦᠲᠦᠭᠡᠯ ᠤᠨ ᠦᠵᠡᠭᠦᠯᠭᠡ | ᠵᠡᠷᠭᠡ ᠠᠵᠢᠯᠯᠠᠭ᠎ᠠ ᠥᠷᠨᠢᠭᠦᠯᠵᠡᠢ᠃ | 2015 ᠣᠨ ᠤ ︽ᠮᠣᠩᠭᠤᠯ ᠤᠯᠤᠰ·ᠳᠤᠮᠳᠠᠳᠤ ᠤᠯᠤᠰ ᠤᠨ ᠥᠪᠥᠷ ᠮᠣᠩᠭᠤᠯ ᠤᠨ ᠰᠢᠷᠢᠰ ᠰᠣᠶᠣᠯ ᠤᠨ | ᠠᠵᠢᠯᠯᠠᠭ᠎ᠠ︾ ᠨᠢ ᠠᠩᠬ᠎ᠠ ᠤᠳᠠᠭ᠎ᠠ ᠪᠦᠷᠢᠮᠦᠰᠦᠨ ᠮᠣᠩᠭᠤᠯ ᠤᠯᠤᠰ ᠤᠨ ᠣᠷᠣᠨ ᠨᠤᠲᠤᠭ ᠤᠨ ᠵᠠᠰᠠᠭ ᠵᠠᠬᠢᠷᠭᠠᠨ ᠤ | ᠭᠠᠵᠠᠷ - ᠠᠶᠢᠮᠠᠭ ᠢᠶᠠᠷ ᠡᠷᠭᠢᠯᠡᠭᠦ ᠭᠠᠵᠠᠷ ᠪᠤᠯᠭᠠᠵᠤ᠂ ᠳᠤᠮᠳᠠᠳᠤ ᠮᠣᠩᠭᠤᠯ ᠤᠨ ᠤᠷᠠᠨ ᠰᠠᠶᠢᠬᠠᠨ ᠤ ᠪᠦᠯᠭᠦᠮ | ᠠᠩᠬ᠎ᠠ ᠤᠳᠠᠭ᠎ᠠ ᠬᠠᠮᠲᠤ ᠪᠠᠷ ᠲᠣᠬᠯᠠᠯᠲᠠ ᠭᠠᠷᠭᠠᠵᠤ᠂ ᠤᠯᠠᠨ ᠡᠭᠦᠳᠦᠯᠲᠡ ᠶᠢᠨ ᠴᠢᠨᠠᠷᠲᠠᠢ ᠠᠵᠢᠯᠯᠠᠭ᠎ᠠ ᠡᠷᠭᠢᠯᠡᠵᠡᠢ | ᠃ ᠡᠭᠦᠨ ᠳᠤ ︽ᠲᠠᠪᠤᠨ ᠳᠠᠩᠰᠤᠭ ᠬᠥᠯᠥᠨ ᠪᠤᠶᠢᠷ︾ ᠬᠡᠦᠬᠡᠳ ᠤᠨ ᠨᠠᠶᠢᠷᠠᠯ ᠳᠠᠭᠤᠤ ᠶᠢᠨ ᠪᠦᠯᠭᠦᠮ ᠪᠣᠯᠣᠨ | ᠡᠸᠡᠩᠬᠢ ᠶᠢᠨ ᠤᠯᠠᠭᠠᠨᠮᠥ᠋ᠴᠢᠷ ᠮᠣᠩᠭᠤᠯ ᠤᠯᠤᠰ ᠤᠨ ᠲᠤᠬᠠᠢ ᠶᠢᠨ ᠭᠠᠵᠠᠷ ᠤᠨ ᠤᠷᠠᠯᠢᠭ ᠤᠨ ᠪᠦᠯᠭᠦᠮ ᠲᠠᠢ | ᠬᠠᠮᠲᠤᠷᠠᠨ ︽ᠲᠠᠪᠤᠨ ᠥᠩᠭᠡ ᠶᠢᠨ ᠲᠤᠮᠤᠭ︾ᠤᠷᠠᠨ ᠰᠠᠶᠢᠬᠠᠨ ᠤ ᠦᠳᠡᠰᠢᠯᠡᠭᠡ ᠭᠠᠷᠭᠠᠵᠤ᠂ ᠠᠬᠤᠢ ᠳᠠᠯᠠᠪᠠᠢ ᠶᠢᠨ | ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠣᠭᠰᠠᠨ ᠪᠢᠯᠡ᠃ | 2016 ᠣᠨ ᠤ ︽ᠳᠤᠮᠳᠠᠳᠤ ᠤᠯᠤᠰ ᠢ ᠣᠶᠢᠯᠠᠭᠠᠬᠤᠢ·ᠮᠣᠩᠭᠤᠯ ᠤᠯᠤᠰ ᠲᠠᠬᠢ ᠠᠶᠠᠯᠠᠯ - ᠳᠥᠷᠪᠡᠳᠦᠭᠡᠷ | ᠬᠤᠭᠤᠴᠠᠭᠠᠨ ᠤ ᠤᠯᠠᠭᠠᠨᠪᠠᠭᠠᠲᠤᠷ ᠲᠠᠬᠢ ᠥᠪᠥᠷ ᠮᠣᠩᠭᠤᠯ ᠤᠨ ᠰᠣᠶᠣᠯ ᠤᠨ ᠭᠠᠷᠠᠭ︾ ᠤᠨ ᠠᠵᠢᠯᠯᠠᠭ᠎ᠠ ᠨᠢ | ᠤᠳᠬ᠎ᠠ ᠤᠷᠠᠯᠢᠭ ᠤᠨ ᠲᠤᠬᠯᠠᠯᠳᠠ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ ᠵᠡᠷᠭᠡ ᠠᠭᠤᠯᠭ᠎ᠠ | ᠪᠠᠷ ᠪᠦᠲᠦᠨ 7 ᠡᠳᠦᠷ ᠶᠠᠪᠤᠭᠳᠠᠵᠤ᠂ ᠡᠭᠦᠨ ᠳᠤ︽ᠲᠣᠭᠠᠴᠢᠯᠠᠭᠰᠠᠨ ᠰᠣᠶᠣᠯ ᠢ ᠮᠣᠩᠭᠤᠯ ᠭᠡᠷ ᠲᠤ ᠬᠦᠷᠭᠡᠬᠦ︾ | ᠢᠨᠵᠧᠨᠧᠷᠢᠩ ᠤᠨ ᠦᠵᠡᠭᠦᠯᠭᠡ ᠶᠢ ᠮᠣᠩᠭᠤᠯ ᠤᠯᠤᠰ ᠲᠤ ᠠᠩᠬ᠎ᠠ ᠤᠳᠠᠭ᠎ᠠ ᠡᠷᠭᠢᠯᠡᠨ ᠥᠪᠥᠷ ᠮᠣᠩᠭᠤᠯ ᠤᠨ | ᠰᠣᠶᠣᠯ ᠤᠨ ᠡᠭᠦᠳᠦᠯᠲᠡ ᠶᠢᠨ ᠪᠦᠲᠦᠭᠡᠯ ᠢ ᠬᠤᠪᠢᠶᠠᠯᠴᠠᠭᠰᠠᠨ ᠶᠤᠮ᠃ | 2018 ᠣᠨ ᠤ ︽ᠳᠤᠮᠳᠠᠳᠤ ᠤᠯᠤᠰ ᠢ ᠣᠶᠢᠯᠠᠭᠠᠬᠤᠢ︾ ᠰᠢᠷᠢᠰ ᠰᠣᠶᠣᠯ ᠤᠨ ᠠᠵᠢᠯᠯᠠᠭ᠎ᠠ | ᠤᠯᠠᠭᠠᠨᠪᠠᠭᠠᠲᠤᠷ ᠲᠤ ᠶᠠᠪᠤᠭᠳᠠᠵᠤ᠂ ᠤᠯᠠᠨ ᠠᠵᠢᠯᠯᠠᠭ᠎ᠠ ᠪᠠᠷ ᠲᠠᠮᠵᠢᠨ ᠳᠤᠮᠳᠠᠳᠤ ᠶᠢᠨ ᠰᠣᠶᠣᠯ ᠪᠣᠯᠣᠨ ᠳᠤᠮᠳᠠᠳᠤ | ᠤᠯᠤᠰ ᠤᠨ ᠥᠭᠡᠷᠡᠴᠢᠯᠡᠯᠲᠡ ᠬᠥᠭᠵᠢᠯᠲᠡ ᠶᠢᠨ ᠠᠮᠵᠢᠯᠲᠠ ᠪᠦᠲᠦᠮᠵᠢ ᠵᠢᠴᠢ ᠣᠶᠤᠨ ᠰᠠᠨᠠᠭᠠᠨ ᠤ ᠳᠦᠷᠰᠦ | ᠪᠠᠶᠢᠳᠠᠯ ᠢ ᠢᠯᠡᠷᠡᠭᠦᠯᠵᠡᠢ᠃ ᠲᠤᠰ ᠤᠳᠠᠭ᠎ᠠ︽ᠥᠪᠥᠷ ᠮᠣᠩᠭᠤᠯ ᠤᠨ ᠦᠨᠦᠷ ᠠᠮᠲᠠ︾ ᠠᠮᠲᠠᠲᠤ ᠢᠳᠡᠭᠡᠨ ᠤ | ᠦᠵᠡᠭᠦᠯᠭᠡ ᠶᠢ ᠠᠩᠬ᠎ᠠ ᠤᠳᠠᠭ᠎ᠠ ᠭᠠᠳᠠᠭᠠᠳᠤ ᠳᠤ ᠭᠠᠷᠭᠠᠵᠤ᠂ ᠥᠪᠥᠷ ᠮᠣᠩᠭᠤᠯ ᠤᠨ ᠣᠨᠴᠠᠯᠢᠭᠲᠤ ᠢᠳᠡᠭᠡᠨ | ᠤᠮᠳᠠᠭᠠᠨ ᠢ ᠳᠡᠯᠭᠡᠨ ᠦᠵᠡᠭᠦᠯᠭᠦ ᠶᠢᠨ ᠬᠠᠮᠲᠤ ᠥᠪᠥᠷ ᠮᠣᠩᠭᠤᠯ ᠤᠨ ᠢᠳᠡᠭᠡᠨ ᠤᠮᠳᠠᠭᠠᠨ ᠤ ᠰᠣᠶᠣᠯ ᠤᠨ ᠣᠯᠠᠨ | ᠶᠠᠩᠵᠤᠲᠤ ᠴᠢᠨᠠᠷ ᠪᠠ ᠪᠠᠭᠲᠠᠭᠠᠮᠵᠢᠲᠤ ᠴᠢᠨᠠᠷ ᠢ ᠦᠵᠡᠭᠦᠯᠦᠭᠰᠡᠨ ᠪᠠᠶᠢᠨ᠎ᠠ᠃ | 2020 ᠣᠨ ᠳᠤ ᠬᠢᠵᠢᠭ ᠳᠡᠯᠭᠡᠷᠡᠵᠦ ᠬᠢᠯᠢ ᠬᠠᠭᠠᠭᠳᠠᠭᠰᠠᠨ ᠴᠦ ᠬᠤᠶᠠᠷ ᠤᠯᠤᠰ ᠤᠨ ᠰᠣᠶᠣᠯ ᠢᠷᠭᠡᠨᠰᠢᠯ | ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠬᠠᠷᠰᠢᠯᠠᠭᠰᠠᠨ ᠦᠭᠡᠢ ᠶᠤᠮ᠃ ᠲᠤᠰ ᠵᠢᠯ ᠳᠤ︽ᠳᠤᠮᠳᠠᠳᠤ ᠤᠯᠤᠰ ᠢ | ᠣᠶᠢᠯᠠᠭᠠᠬᠤᠢ·ᠮᠣᠩᠭᠤᠯ ᠤᠯᠤᠰ ᠲᠠᠢ ᠬᠤᠯᠪᠣᠯᠳᠤᠬᠤᠢ︾ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠰᠣᠶᠣᠯ ᠤᠨ | ᠭᠠᠷᠠᠭ ᠤᠨ ᠠᠵᠢᠯᠯᠠᠭ᠎ᠠ ᠶᠢ ᠭᠦᠭᠡᠬᠤᠲᠠ ᠪᠠ ᠮᠣᠩᠭᠤᠯ ᠤᠯᠤᠰ ᠤᠨ ᠤᠯᠠᠭᠠᠨᠪᠠᠭᠠᠲᠤᠷ ᠲᠤ ᠵᠡᠷᠭᠡ ᠪᠠᠷ ᠶᠠᠪᠤᠭᠤᠯᠪᠠ | ᠃ ᠲᠤᠰ ᠤᠳᠠᠭᠠᠨ ᠤ ᠠᠵᠢᠯᠯᠠᠭ᠎ᠠ ᠨᠢ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠬᠠᠮᠲᠤ | ᠪᠠᠷ ᠲᠡᠮᠡᠴᠡᠵᠦ᠂ ᠳᠤᠮᠳᠠᠳᠤ ᠮᠣᠩᠭᠤᠯ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠪᠢᠴᠢᠭᠯᠡᠬᠦ︾ ᠪᠠᠷ ᠭᠤᠣᠯ | ᠰᠡᠳᠦᠪ ᠪᠣᠯᠭᠠᠨ ᠰᠦᠯᠵᠢᠶᠡᠨ ᠳᠡᠭᠡᠷ᠎ᠡ ᠤᠷᠠᠨ ᠰᠠᠶᠢᠬᠠᠨ ᠤ ᠲᠣᠬᠯᠠᠯᠲᠠ᠂ ᠺᠢᠨᠣ᠋ ᠲᠧᠯᠸᠢᠰ ᠵᠦᠴᠦᠭᠡ ᠶᠢᠨ | ᠦᠵᠡᠭᠦᠯᠭᠡ᠂ ᠵᠢᠭᠤᠯᠴᠢᠯᠠᠯ ᠤᠨ ᠠᠮᠲᠠᠲᠤ ᠢᠳᠡᠭᠡᠨ ᠤ ᠲᠠᠨᠢᠯᠴᠠᠭᠤᠯᠭ᠎ᠠ ᠵᠡᠷᠭᠡ ᠰᠣᠶᠣᠯ ᠵᠢᠭᠤᠯᠴᠢᠯᠠᠯ ᠤᠨ | ᠠᠵᠢᠯᠯᠠᠭ᠎ᠠ ᠡᠷᠭᠢᠯᠡᠵᠡᠢ᠃ | ᠁ | 2019 ᠣᠨ ᠤ 9 ᠰᠠᠷ᠎ᠠ ᠶᠢᠨ 10 ᠤ ᠣᠷᠣᠢ᠂ ᠥᠪᠥᠷ ᠮᠣᠩᠭᠤᠯ ᠤᠨ ᠤᠯᠠᠭᠠᠨ ᠲᠢᠶᠠᠲᠷ ᠲᠤ | ᠮᠣᠩᠭᠤᠯ ᠤᠯᠤᠰ ᠤᠨ ᠤᠯᠤᠰ ᠤᠨ ᠳᠠᠭᠤᠷᠢ ᠪᠥᠵᠢᠭ ᠤᠨ ᠡᠷᠳᠡᠮ ᠤᠨ ᠲᠢᠶᠠᠲᠷ ᠤᠨ ︽ᠤᠴᠢᠷᠲᠠᠢ ᠭᠤᠷᠪᠠᠨ | ᠲᠣᠯᠣᠭᠠᠢ︾ ᠳᠠᠭᠤᠷᠢ ᠤᠯᠠᠨ ᠤ ᠬᠦᠰᠡᠯ ᠬᠦᠯᠢᠶᠡᠯᠲᠡ᠂ ᠤᠤᠬᠠᠶᠢᠯᠠᠯ ᠤᠨ ᠳᠤᠮᠳᠠ ᠦᠵᠡᠭᠴᠢ ᠤᠯᠠᠨ ᠲᠠᠢ ᠪᠠᠨ | ᠵᠣᠯᠭᠠᠭᠰᠠᠨ ᠶᠤᠮ᠃ ᠮᠣᠩᠭᠤᠯ ᠤᠯᠤᠰ ᠤᠨ ᠲᠠᠶᠢᠰᠠᠨ ᠤ ᠤᠷᠠᠯᠢᠭ ᠤᠨ ᠰᠣᠩᠭᠤᠳᠠᠭ ᠪᠦᠲᠦᠭᠡᠯ ᠢ ᠲᠤᠮᠳᠠᠳᠤ | ᠤᠯᠤᠰ ᠤᠨ ᠦᠵᠡᠭᠴᠢᠳ ᠲᠤ ᠰᠣᠨᠢᠷᠬᠠᠭᠤᠯᠤᠭᠰᠠᠨ ᠶᠤᠮ᠃ | 2023 ᠣᠨ ᠤ 8 ᠰᠠᠷ᠎ᠠ ᠶᠢᠨ 30 ᠤ ᠣᠷᠣᠢ᠂ ᠮᠣᠩᠭᠤᠯ ᠤᠯᠤᠰ ᠤᠨ ᠤᠯᠠᠭᠠᠨᠪᠠᠭᠠᠲᠤᠷ ᠤᠨ ᠲᠥᠪ | ᠰᠣᠶᠣᠯ ᠤᠨ ᠣᠷᠳᠣᠨ ᠳᠤ ᠥᠩᠭᠡᠲᠦ ᠳ᠋ᠧᠩ ᠭᠢᠯᠠᠯᠵᠠᠨ ᠦᠪᠡᠳᠡᠭᠰᠢ ᠴᠤᠭᠯᠠᠭᠠᠨ ᠪᠣᠯᠵᠤ᠂ 2023 ᠣᠨ ᠤ | ︽ᠳᠤᠮᠳᠠᠳᠤ ᠤᠯᠤᠰ ᠢ ᠣᠶᠢᠯᠠᠭᠠᠬᠤᠢ︾ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠭᠦᠷ | ᠬᠥᠭᠵᠢᠶᠡᠨᠲᠡᠢ ᠡᠬᠢᠯᠡᠯ᠎ᠡ᠃ ᠡᠭᠢᠯᠡᠯᠲᠡ ᠶᠢᠨ ᠶᠣᠰᠣᠯᠠᠯ ᠳᠤ ᠦᠱᠦ ᠡᠷᠳᠡᠮ ᠤᠨ ᠲᠤᠰᠬᠠᠢ ᠲᠣᠬᠯᠠᠯᠲᠠ ᠭᠠᠷᠭᠠᠨ᠂ | 32 ᠲᠣᠭᠯᠠᠭᠴᠢ ᠳᠤᠮᠳᠠᠳᠤ ᠶᠢᠨ ᠤᠯᠠᠮᠵᠢᠯᠠᠯᠲᠤ ᠦᠱᠦ ᠡᠷᠳᠡᠮ ᠤᠨ ᠤᠷᠠᠯᠢᠭ ᠤᠨ ᠷᠢᠳᠢ ᠰᠢᠳᠢ ᠶᠢ ᠮᠣᠩᠭᠤᠯ | ᠤᠯᠤᠰ ᠤᠨ ᠦᠵᠡᠭᠴᠢᠳ ᠲᠤ ᠰᠣᠨᠢᠷᠬᠠᠭᠤᠯᠤᠯᠠ᠃ | ᠲᠤᠮᠳᠠᠳᠦ ᠮᠣᠩᠭᠤᠯ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠦᠷᠭᠦᠯᠵᠢᠯᠡᠭᠰᠡᠭᠡᠷ᠂ | ᠡᠭᠦᠨ ᠳᠤ ᠮᠠᠨ ᠤ ᠣᠷᠣᠨ ᠴᠢᠬᠤᠯᠠ ᠶᠡᠭᠡ ᠠᠵᠢᠯᠯᠠᠭ᠎ᠠ ᠨᠤᠭᠤᠳ ᠢ ᠪᠡᠶᠡᠯᠡᠭᠦᠯᠵᠦ᠂ ᠰᠣᠶᠣᠯ ᠤᠨ ᠬᠥᠭᠵᠢᠯᠲᠡ ᠳᠤ | ᠠᠬᠢᠭᠤᠯᠬᠤ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠢᠬᠤᠯᠠ ᠨᠢ ᠬᠤᠶᠠᠷ ᠤᠯᠤᠰ ᠬᠤᠶᠠᠷ | ᠭᠠᠵᠠᠷ ᠣᠷᠣᠨ ᠤ ᠠᠷᠠᠳ ᠲᠦᠮᠡᠨ ᠤ ᠣᠶᠢᠯᠠᠭᠠᠯᠴᠠᠭ᠎ᠠ ᠶᠠᠪᠤᠯᠴᠠᠭ᠎ᠠ ᠶᠢ ᠨᠢᠭᠲᠠᠷᠠᠭᠤᠯᠵᠤ᠂ ᠨᠥᠬᠦᠷᠯᠡᠯ ᠤᠨ ᠴᠡᠴᠡᠭ | ᠢ ᠤᠮᠳᠠᠯᠠᠭᠰᠠᠨ ᠪᠠᠶᠢᠨ᠎ᠠ᠃ |