ᠳᠤᠮᠳᠠᠳᠤ ᠤᠯᠤᠰ 10 ᠰᠠᠷ᠎ᠠ ᠳᠤ ᠪᠡᠭᠡᠵᠢᠩ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠨ᠎ᠠ
ᠨᠡᠶᠢᠲᠡᠯᠡᠭᠰᠡᠨ ᠴᠠᠭ᠄
2023/9/4
     ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ︽ᠨᠢᠭᠡ ᠪᠦᠰᠡ ᠨᠢᠭᠡ ᠵᠠᠮ︾ ᠤᠨ ᠠᠷᠪᠠᠨ ᠵᠢᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠠᠨᠢᠯᠴᠠᠭᠤᠯᠪᠠ      ᠭᠠᠳᠠᠭᠠᠳᠤ ᠶᠠᠪᠤᠳᠠᠯ ᠤᠨ ᠶᠠᠮᠤᠨ ᠤ ᠥᠭᠦᠯᠡᠭᠴᠢ ᠸᠠᠩ ᠸᠧᠨ ᠪᠢᠨ 31 ᠤ ᠡᠳᠦᠷ ᠵᠤᠷᠰᠢᠯᠲᠤ ᠰᠤᠷᠪᠤᠯᠵᠢᠯᠠᠬᠴᠢ ᠶᠢᠨ ᠬᠤᠷᠠᠯ ᠳᠡᠭᠡᠷ᠎ᠡ᠂ ᠳᠤᠮᠳᠠᠳᠤ ᠤᠯᠤᠰ ᠡᠨᠡ ᠵᠢᠯ ᠤᠨ 10 ᠰᠠᠷ᠎ᠠ ᠳᠤ ᠪᠡᠭᠡᠵᠢᠩ ᠳᠤ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠨ᠎ᠠ᠃ ᠡᠨᠡ ᠨᠢ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠣᠶ ᠶᠢ ᠳᠤᠷᠠᠰᠬᠠᠬᠤ ᠬᠠᠮᠤᠭ ᠤᠨ ᠦᠪᠡᠳᠡᠭᠰᠢ ᠶᠡᠭᠡ ᠠᠵᠢᠯᠯᠠᠭ᠎ᠠ ᠪᠤᠯᠬᠤ ᠪᠠᠷ ᠪᠠᠷᠠᠬᠤ ᠦᠭᠡᠢ ᠪᠠᠰᠠ ᠴᠤ ᠡᠯ᠎ᠡ ᠲᠠᠯ᠎ᠠ ᠶᠢᠨ ᠬᠢᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠬᠠᠮᠲᠤᠷᠠᠯᠴᠠᠭ᠎ᠠ ᠶᠢ ᠬᠠᠮᠲᠤ ᠪᠠᠷ ᠵᠥᠪᠳᠡᠯᠴᠡᠬᠦ ᠴᠢᠬᠤᠯᠠ ᠲᠠᠪᠴᠠᠩ ᠪᠣᠯᠣᠨ᠎ᠠ᠃ ᠳᠤᠮᠳᠠᠳᠤ ᠤᠯᠤᠰ ᠶᠠᠭ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠪᠡᠯᠡᠳᠬᠡᠯ ᠠᠵᠢᠯ ᠤᠨ ᠲᠤᠬᠠᠢ ᠡᠯ᠎ᠡ ᠲᠠᠯ᠎ᠠ ᠶᠢᠨ ᠬᠢᠨ ᠲᠠᠢ ᠣᠯᠣᠯᠴᠠᠭ᠎ᠠ ᠪᠠᠨ ᠪᠠᠲᠤᠯᠠᠵᠤ ᠪᠠᠶᠢᠨ᠎ᠠ ᠭᠡᠵᠡᠢ᠃      ᠸᠠᠩ ᠸᠧᠨ ᠪᠢᠨ᠂ ᠠᠷᠪᠠᠨ ᠵᠢᠯ ᠤᠨ ᠡᠮᠦᠨ᠎ᠡ᠂ ᠲᠡᠷᠢᠭᠦᠯᠡᠭᠴᠢ ᠰᠢ ᠶᠢᠨ ᠫᠢᠩ  ︽ᠨᠢᠭᠡ ᠪᠦᠰᠡ ᠨᠢᠭᠡ ᠵᠠᠮ︾   ᠤᠨ ᠰᠠᠨᠠᠭᠠᠴᠢᠯᠠᠭ᠎ᠠ ᠶᠢ ᠠᠩᠬ᠎ᠠ ᠤᠳᠠᠭ᠎ᠠ ᠳᠤᠷᠠᠳᠪᠠ᠃ ᠠᠷᠪᠠᠨ ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾  ᠤᠨ ᠰᠠᠨᠠᠭᠠᠴᠢᠯᠠᠭ᠎ᠠ ᠨᠢ ᠲᠥᠯᠥᠪᠵᠢᠭᠦᠯᠦᠨ ᠪᠠᠶᠢᠷᠢᠯᠠᠭᠤᠯᠤᠭᠰᠠᠨ︽ᠤᠳᠬᠠᠴᠢᠯᠠᠭᠰᠠᠨ ᠵᠢᠷᠤᠭ︾ ᠠᠴᠠ ᠨᠠᠷᠢᠯᠢᠭ ᠬᠢᠴᠢᠶᠡᠩᠭᠦᠢ ︽ᠨᠠᠷᠢᠯᠢᠭ ᠵᠢᠷᠤᠭ︾ ᠪᠣᠯᠣᠨ ᠬᠥᠭᠵᠢᠵᠦ᠂ ᠨᠢᠭᠡᠨᠲᠡ ᠬᠠᠮᠤᠭ ᠤᠨ ᠬᠦᠷᠢᠶᠡᠯᠡᠯ ᠲᠠᠢ ᠣᠯᠠᠨ ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠠ ᠬᠠᠮᠤᠭ ᠤᠨ ᠶᠡᠭᠡ ᠬᠡᠪᠴᠢᠶᠡᠨ ᠤ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠪᠣᠯᠵᠤ᠂ ᠣᠯᠣᠭᠰᠠᠨ ᠦᠷ᠎ᠡ ᠪᠦᠲᠦᠭᠡᠯ ᠨᠢ ᠣᠯᠠᠨ ᠤ ᠠᠩᠬᠠᠷᠤᠯ ᠢ ᠲᠠᠲᠠᠭᠰᠠᠨ ᠪᠠᠶᠢᠨ᠎ᠠ ᠭᠡᠵᠦ ᠢᠯᠡᠳᠬᠡᠪᠡ᠃      ᠸᠠᠩ ᠸᠧᠨ ᠪᠢᠨ᠂ ᠠᠷᠪᠠᠨ ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠨᠠᠶᠢᠵᠠ ᠶᠢᠨ ᠲᠣᠭᠤᠷᠢᠭ ᠲᠠᠰᠤᠷᠠᠯᠲᠠ ᠦᠭᠡᠢ ᠪᠤᠵᠠᠭᠠᠶᠢᠷᠠᠪᠠ᠃ ᠳᠤᠮᠳᠠᠳᠤ ᠤᠯᠤᠰ ᠨᠢᠭᠡᠨᠲᠡ 150 ᠭᠠᠷᠤᠢ ᠤᠯᠤᠰ ᠪᠣᠯᠣᠨ 30 ᠭᠠᠷᠤᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠲᠠᠢ ︽ᠨᠢᠭᠡ ᠪᠦᠰᠡ ᠨᠢᠭᠡ ᠵᠠᠮ︾   ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ᠂ ᠨᠡᠭᠡᠭᠡᠯᠲᠡᠲᠤ ᠪᠣᠬᠢᠷᠳᠤᠯ ᠦᠭᠡᠢ ᠠᠷᠢᠭᠤᠨ ᠴᠢᠬᠡᠴᠢ᠂ ᠥᠨᠳᠥᠷ ᠪᠠᠷᠢᠮᠵᠢᠶ᠎ᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠷᠭᠦᠯᠵᠢᠯᠡᠬᠦ ᠬᠥᠭᠵᠢᠯᠲᠡ ᠪᠠᠷ ᠲᠤᠯᠭᠠᠭᠤᠷᠢᠯᠠᠯ ᠪᠤᠯᠭᠠᠬᠰᠠᠨ ︽ᠨᠢᠭᠡ ᠪᠦᠰᠡ ᠨᠢᠭᠡ ᠵᠠᠮ︾   ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠣᠶᠢᠯᠠᠭᠠᠭᠳᠠᠬᠤᠨ ᠢ ᠬᠤᠶᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠲᠣᠭᠤᠷᠠᠭ ᠰᠢᠷᠡᠭᠡᠨ ᠤ ᠲᠦᠷᠦᠭᠦᠴᠦᠳ ᠤᠨ ᠬᠤᠷᠠᠯ ᠤᠨ ᠬᠠᠮᠲᠤᠷᠠᠭᠰᠠᠨ ᠠᠯᠪᠠᠨ ᠮᠡᠳᠡᠭᠡ ᠳᠤ ᠪᠢᠴᠢᠵᠦ ᠣᠷᠣᠭᠤᠯᠪᠠ ᠭᠡᠵᠡᠢ᠃      ᠸᠠᠩ ᠸᠧᠨ ᠪᠢᠨ᠂ ᠠᠷᠪᠠᠨ ᠵᠢᠯ ᠤᠨ ᠲᠤᠷᠰᠢ᠂︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠢ ᠣᠳᠣᠬᠠᠨ ᠪᠤᠯᠲᠠᠯ᠎ᠠ 3000 ᠭᠠᠷᠤᠢ ᠬᠠᠮᠲᠤᠷᠠᠯᠴᠠᠭᠠᠨ ᠤ ᠲᠦᠷᠦᠯ ᠵᠦᠢᠯ ᠢ ᠪᠦᠷᠢᠯᠳᠦᠭᠦᠯᠵᠦ᠂ ᠲᠦᠮᠡ ᠰᠢᠬᠠᠮ ᠳ᠋ᠦᠩᠰᠢᠭᠤᠷ ᠳ᠋ᠣᠯᠯᠠᠷ ᠤᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠳᠠᠶᠢᠴᠢᠯᠠᠵᠤ᠂ ᠠᠯᠢ ᠤᠯᠠᠨ︽ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ︾᠂ ︽ᠠᠷᠠᠳ ᠤᠨ ᠠᠮᠢᠳᠤᠷᠠᠯ ᠤᠨ ᠢᠨᠵᠧᠨᠧᠷᠢᠩ︾᠂︽ᠬᠠᠮᠲᠤᠷᠠᠯᠴᠠᠭᠠᠨ ᠤ ᠥᠷᠯᠥᠭ ᠬᠥᠰᠢᠶ᠎ᠡ︾ ᠶᠢ ᠴᠣᠭᠴᠠᠯᠠᠵᠠᠢ᠃ ᠨᠢᠭᠡ ᠪᠦᠯᠦᠭ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠨᠢᠭᠡ ᠪᠦᠯᠦᠭ ᠴᠡᠪᠡᠷ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠢ ᠪᠣᠬᠢᠷᠳᠤᠯ ᠦᠭᠡᠢ ᠡᠨᠧᠷᠭᠢ ᠶᠢᠨ ᠲᠥᠷᠥᠯ ᠵᠦᠢᠯ ᠨᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠢᠷᠡᠭᠡᠳᠦᠢ ᠶᠢᠨ ᠬᠥᠭᠵᠢᠯᠲᠡ ᠶᠢᠨ ᠵᠠᠮ ᠢ ᠭᠡᠷᠡᠯᠲᠦᠭᠦᠯᠪᠡ᠃ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ᠂ ᠬᠥᠳᠡᠭᠡ ᠠᠵᠤ ᠠᠬᠤᠢ ᠶᠢᠨ ᠮᠡᠷᠭᠡᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠤᠯᠠᠨ ᠲᠦᠮᠡᠨ ᠲᠠᠢ ᠣᠶᠢᠷᠠᠲᠤᠭᠰᠠᠨ ᠲᠦᠷᠦᠯ ᠵᠦᠢᠯ ᠪᠦᠭᠦᠨ  ᠨᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠨ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠳᠡᠯᠡᠬᠡᠢ ᠶᠢᠨ ᠪᠠᠩᠬᠢ ᠶᠢᠨ ᠲᠥᠰᠥᠭᠡᠯᠡᠨ ᠪᠤᠳᠤᠬᠰᠠᠨ ᠢᠶᠠᠷ᠂ ︽ᠨᠢᠭᠡ ᠪᠦᠰᠡ ᠨᠢᠭᠡ ᠵᠠᠮ︾ ᠤᠨ ᠪᠦᠳᠦᠭᠦᠪᠴᠢ ᠲᠥᠰᠥᠪ ᠤᠨ ᠳᠣᠣᠷᠠᠬᠢ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠲᠦᠷᠦᠯ ᠵᠦᠢᠯ ᠢ ᠪᠦᠭᠦᠨ ᠢ ᠬᠡᠷᠡᠭᠵᠢᠭᠦᠯᠬᠦ ᠨᠢ᠂ 2030 ᠣᠨ ᠪᠤᠯᠬᠤ ᠳᠤ ᠪᠦᠭᠦ ᠪᠥᠮᠪᠥᠷᠴᠡᠭ ᠤᠨ ᠣᠷᠣᠯᠭ᠎ᠠ ᠶᠢ 0.7% ᠠᠴᠠ 2.9% ᠨᠡᠮᠡᠭᠳᠡᠭᠦᠯᠵᠦ᠂ 760 ᠲᠦᠮᠡᠨ ᠬᠥᠮᠥᠨ ᠢ ᠲᠤᠶᠢᠯ ᠤᠨ ᠶᠠᠳᠠᠭᠤ ᠬᠦᠴᠢᠷᠳᠡᠯ ᠠᠴᠠ ᠠᠩᠭᠢᠵᠢᠷᠠᠭᠤᠯᠵᠤ᠂ 3200 ᠲᠦᠮᠡᠨ ᠬᠥᠮᠥᠨ ᠢ ᠳᠤᠮᠳᠠ ᠵᠡᠷᠭᠡ ᠶᠢᠨ ᠶᠠᠳᠠᠭᠤ ᠬᠦᠴᠢᠷᠳᠡᠯ ᠠᠴᠠ ᠠᠩᠭᠢᠵᠢᠷᠠᠭᠤᠯᠬᠤ ᠪᠣᠯᠣᠮᠵᠢ ᠲᠠᠢ ᠭᠡᠪᠡ᠃      ᠸᠠᠩ ᠸᠧᠨ ᠪᠢᠨ᠂ ᠠᠷᠪᠠᠨ ᠵᠢᠯ ᠤᠨ ᠲᠤᠷᠰᠢ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠯᠠᠪᠳᠠᠭᠤᠨ ᠪᠠᠲᠤᠲᠠᠢ ᠠᠬᠢᠪᠠ᠃︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠥᠷᠨᠢᠭᠦᠯᠵᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠬᠤᠯᠠᠴᠢᠯᠠᠭᠰᠠᠨ ᠪᠠᠶᠢᠨ᠎ᠠ᠂ ᠳᠤᠮᠳᠠᠳᠤ ᠤᠯᠤᠰ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭᠠᠨ ᠤ 50 ᠭᠠᠷᠤᠢ ᠬᠤᠪᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠬᠥᠭᠵᠢᠯᠲᠡ ᠶᠢᠨ ᠤᠯᠠᠨ ᠤᠯᠤᠰ ᠤᠨ ᠬᠤᠯᠪᠤᠭ᠎ᠠ ᠶᠢ ᠪᠠᠶᠢᠭᠤᠯᠵᠤ᠂ 31 ᠤᠯᠤᠰ ᠲᠠᠢ ︽ᠨᠢᠭᠡ ᠪᠦᠰᠡ ᠨᠢᠭᠡ ᠵᠠᠮ︾ ᠤᠨ ᠪᠣᠬᠢᠷᠳᠤᠯ ᠦᠭᠡᠢ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠶᠢ ᠬᠠᠮᠲᠤ ᠪᠠᠷ ᠰᠠᠨᠠᠭᠠᠴᠢᠯᠠᠪᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠤᠤᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠰᠤᠷᠬᠠᠶᠢᠮᠦ᠋᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠨᠢ ᠨᠢᠭᠡᠨᠲᠡ ᠪᠦᠭᠦ ᠪᠥᠮᠪᠥᠷᠴᠡᠭ ᠤᠨ ᠪᠣᠬᠢᠷᠳᠤᠯ ᠦᠭᠡᠢ ᠬᠥᠭᠵᠢᠯᠲᠡ ᠶᠢᠨ ᠬᠠᠮᠤᠭ ᠤᠨ ᠶᠡᠭᠡ ᠬᠥᠳᠡᠯᠭᠡᠬᠦ ᠬᠦᠴᠦᠨ ᠪᠣᠯᠪᠠ ᠭᠡᠵᠦ ᠬᠡᠯᠡᠪᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠬᠠᠨᠢᠲᠠᠨ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠤ ᠤᠯᠠᠨ ᠤᠯᠤᠰ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂︽ᠲᠣᠭᠠᠴᠢᠯᠠᠭᠰᠠᠨ ᠲᠣᠷᠭᠠᠨ ᠵᠠᠮ︾ ᠨᠢ ᠰᠢᠨ᠎ᠡ ᠭᠡᠯᠪᠡᠷᠢ ᠶᠢᠨ ᠳᠡᠯᠡᠬᠡᠶᠢᠵᠢᠯᠲᠡ ᠶᠢ ᠠᠬᠢᠭᠤᠯᠬᠤ ᠲᠣᠭᠠᠴᠢᠯᠠᠭᠰᠠᠨ ᠬᠥᠭᠦᠷᠭᠡ ᠪᠣᠯᠵᠤ ᠪᠠᠶᠢᠨ᠎ᠠ᠃ ᠳᠤᠮᠳᠠᠳᠤ ᠤᠯᠤᠰ ᠬᠠᠮᠲᠤᠷᠠᠯᠴᠠᠭᠠᠨ ᠤ ᠬᠠᠨᠢᠲᠠᠨ ᠲᠠᠢ ᠪᠠᠨ ︽ᠨᠢᠭᠡ ᠪᠦᠰᠡ ᠨᠢᠭᠡ ᠵᠠᠮ︾ ᠤᠨ ᠠᠷᠢᠭᠤᠨ ᠴᠢᠬᠡᠴᠢ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠢᠯᠵᠠᠷᠠᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠢᠭᠤᠨ ᠴᠢᠬᠡᠴᠢ ᠲᠣᠷᠭᠠᠨ ᠵᠠᠮ ᠤᠨ ᠪᠡᠭᠡᠵᠢᠩ ᠤᠨ ᠰᠠᠨᠠᠭᠠᠴᠢᠯᠠᠭ᠎ᠠ ᠶᠢ ᠬᠠᠮᠲᠤ ᠪᠠᠷ ᠰᠠᠨᠠᠭᠠᠴᠢᠯᠠᠪᠠ ᠭᠡᠵᠡᠢ᠃      ᠸᠠᠩ ᠸᠧᠨ ᠪᠢᠨ᠂ ᠠᠷᠪᠠᠨ ᠵᠢᠯ ᠳᠠᠷᠪᠠᠭᠤᠯ ᠬᠡᠶᠢᠰᠬᠡᠵᠦ ᠠᠶᠠᠨ ᠳᠠᠭᠠᠨ ᠳᠠᠭᠢᠨ ᠮᠣᠷᠳᠠᠯ᠎ᠠ᠃ ︽ᠪᠢᠳᠠ ᠭᠤᠷᠪᠠᠳᠤᠭᠠᠷ ᠬᠤᠭᠤᠴᠠᠭᠠᠨ ᠤ ︿ᠨᠢᠭᠡ ᠪᠦᠰᠡ ᠨᠢᠭᠡ ᠵᠠᠮ﹀ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠳᠡᠯᠡᠬᠡᠢ ᠨᠡᠶᠢᠭᠡᠮ ᠲᠠᠢ ᠬᠠᠮᠲᠤ ᠪᠠᠷ ᠲᠤᠷᠰᠢᠯᠭ᠎ᠠ ᠪᠠᠨ ᠳ᠋ᠦᠩᠨᠡᠵᠦ᠂ ᠠᠯᠤᠰ ᠤᠨ ᠲᠥᠰᠥᠪ ᠢ ᠵᠢᠷᠤᠭᠯᠠᠵᠤ᠂︿ᠨᠢᠭᠡ ᠪᠦᠰᠡ ᠨᠢᠭᠡ ᠵᠠᠮ﹀ ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠠᠵᠢᠯ ᠤᠨ ᠦᠷᠭᠦᠯᠵᠢᠯᠡᠨ ᠬᠥᠭᠵᠢᠬᠦ ᠶᠢ ᠬᠥᠲᠥᠯᠥᠨ ᠳᠠᠭᠠᠭᠤᠯᠵᠤ᠂ ᠬᠠᠮᠲᠤ ᠪᠠᠷ ᠬᠥᠭᠵᠢᠬᠦ ᠰᠠᠷᠠᠭᠤᠯ ᠳᠠᠷᠳᠠᠩ ᠵᠠᠮ ᠢ ᠳᠡᠪᠢᠰᠴᠦ᠂ ᠪᠣᠬᠢᠷᠳᠤᠯ ᠦᠭᠡᠢ ᠬᠥᠭᠵᠢᠯᠲᠡ ᠶᠢᠨ ᠦᠵᠡᠰᠬᠦᠯᠡᠩᠲᠦ ᠰᠠᠶᠢᠬᠠᠨ ᠬᠠᠭᠤᠳᠠᠰᠤ ᠶᠢ ᠵᠢᠷᠤᠭᠯᠠᠵᠤ᠂ ᠤᠯᠤᠰ ᠣᠷᠣᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠠᠷᠠᠳ ᠲᠦᠮᠡᠨ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ᠂ ᠪᠣᠯᠪᠠᠰᠤᠨ ᠢᠶᠠᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ ᠲᠣᠷᠭᠠᠨ ᠵᠠᠮ ᠤᠨ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ︾ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号