ᠬᠤᠶᠠᠷ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠪᠠᠭᠤᠯᠭᠠᠵᠤ ᠨᠢᠭᠡᠳᠦᠭᠡᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠬᠤ ᠶᠢ ᠬᠥᠲᠥᠯᠥᠨ ᠵᠢᠯᠣᠭᠤᠳᠪᠠ
ᠨᠡᠶᠢᠲᠡᠯᠡᠭᠰᠡᠨ ᠴᠠᠭ᠄
2023/9/4
     ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 31   ᠤ ᠡᠳᠦᠷ ᠮᠡᠳᠡᠭᠳᠡᠯ ᠨᠡᠶᠢᠲᠡᠯᠡᠵᠦ᠂ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠤᠶᠠᠷ ᠲᠠᠯ᠎ᠠ ᠶᠢᠨ ᠬᠢᠨ ᠤ ᠡᠳ᠋ ᠬᠥᠷᠥᠩᠭᠡ ᠶᠢᠨ ᠥᠷᠢ ᠥᠭᠴᠡᠭᠡ ᠪᠠᠨ ᠡᠮᠬᠢ ᠵᠢᠷᠤᠮ ᠲᠠᠢ ᠪᠠᠷ ᠲᠣᠬᠢᠷᠠᠭᠤᠯᠤᠨ ᠰᠢᠯᠢᠳᠡᠭᠵᠢᠭᠦᠯᠬᠦ ᠶᠢ ᠬᠥᠲᠥᠯᠥᠨ ᠵᠢᠯᠤᠭᠤᠳᠴᠤ᠂ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢ ᠪᠠᠭᠤᠷᠠᠭᠤᠯᠤᠨ᠎ᠠ ᠭᠡᠵᠡᠢ᠃ ᠬᠤᠶᠠᠷ ᠰᠠᠯᠠᠭ᠎ᠠ ᠮᠥᠴᠢᠷ ᠲᠤᠰ ᠡᠳᠦᠷ᠂ ᠪᠦᠭᠦ ᠤᠯᠤᠰ ᠤᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠤᠨ ᠲᠥᠷᠥ ᠶᠢᠨ ᠪᠣᠳᠣᠯᠭ᠎ᠠ ᠶᠢᠨ ᠳᠣᠣᠷ᠎ᠠ ᠬᠢᠵᠠᠭᠠᠷ ᠢ ᠨᠢᠭᠡᠳᠬᠡᠵᠦ᠂ ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠢ ᠨᠢᠭᠡᠳᠦᠯᠲᠡᠢ ᠪᠠᠷ 30% ᠠᠴᠠ ᠳᠣᠣᠷ᠎ᠠ ᠪᠠᠶᠢᠯᠭᠠᠬᠤ ᠦᠭᠡᠢ ᠭᠡᠵᠦ ᠨᠡᠶᠢᠲᠡᠯᠡᠪᠡ᠃      ᠮᠡᠳᠡᠭᠳᠡᠯ ᠢ ᠦᠨᠳᠦᠰᠦᠯᠡᠪᠡᠯ᠂ 2023 ᠣᠨ ᠤ 9 ᠰᠠᠷ᠎ᠠ ᠶᠢᠨ 25 ᠤ ᠡᠳᠦᠷ ᠠᠴᠠ ᠡᠬᠢᠯᠡᠨ᠂ ᠨᠥᠭᠡᠴᠡ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠵᠢᠭᠡᠯᠡᠭᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠲᠣᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠵᠢᠭᠡᠯᠡᠯᠭᠡ ᠲᠠᠯᠪᠢᠵᠤ ᠨᠥᠭᠡᠴᠡ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠰᠣᠯᠢᠬᠤ ᠪᠤᠶᠤ ᠭᠡᠷ᠎ᠡ ᠳᠤ ᠪᠣᠯᠵᠣᠨ ᠲᠣᠭᠲᠠᠭᠰᠠᠨ ᠬᠦᠦ ᠮᠥᠩᠭᠦ ᠶᠢᠨ ᠨᠣᠷᠮ᠎ᠠ ᠶᠢᠨ  ᠲᠦᠪᠰᠢᠨ ᠢ ᠵᠥᠪᠳᠡᠯᠴᠡᠨ ᠬᠤᠪᠢᠷᠠᠭᠤᠯᠵᠤ ᠪᠣᠯᠣᠨ᠎ᠠ᠃ ᠰᠢᠨ᠎ᠡ ᠪᠠᠷ ᠲᠠᠯᠪᠢᠬᠤ ᠵᠢᠭᠡᠯᠡᠯᠭᠡ ᠪᠤᠶᠤ ᠬᠤᠪᠢᠷᠠᠭᠤᠯᠤᠭᠰᠠᠨ ᠤ ᠳᠠᠷᠠᠭᠠᠬᠢ ᠵᠢᠭᠡᠯᠡᠯᠭᠡ ᠶᠢᠨ ᠭᠡᠷ᠎ᠡ ᠶᠢᠨ ᠬᠦᠦ ᠮᠥᠩᠭᠦ ᠶᠢᠨ ᠨᠣᠷᠮ᠎ᠠ ᠶᠢᠨ ᠲᠦᠪᠰᠢᠨ ᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠵᠣᠭᠤᠰ ᠵᠢᠭᠡᠯᠡᠭᠴᠢ ᠪᠡᠶ᠎ᠡ ᠪᠠᠨ ᠳᠠᠭᠠᠭᠠᠵᠤ ᠵᠥᠪᠳᠡᠯᠴᠡᠨ ᠲᠣᠭᠲᠠᠭᠠᠨ᠎ᠠ᠂ ᠭᠡᠪᠡᠴᠦ ᠵᠢᠭᠡᠯᠡᠯᠭᠡ ᠶᠢᠨ ᠵᠠᠬ᠎ᠠ ᠳᠡᠯᠭᠡᠭᠦᠷ ᠲᠤ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠳᠡᠭᠡᠷ᠎ᠡ ᠨᠡᠮᠡᠬᠦ ᠬᠡᠮᠵᠢᠶ᠎ᠡ ᠶᠢ ᠤᠤᠯ ᠤᠨ ᠵᠢᠭᠡᠯᠡᠯᠭᠡ ᠲᠠᠯᠪᠢᠬᠤ ᠦᠶ᠎ᠡ ᠶᠢᠨ ᠪᠠᠶᠢᠭ᠎ᠠ ᠬᠤᠲᠠ ᠶᠢᠨ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃      ᠬᠤᠶᠠᠷ ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠪᠣᠳᠠᠲᠠᠢ ᠠᠵᠢᠯᠯᠠᠬᠤ ᠨᠠᠷᠢᠨ ᠳᠦᠷᠢᠮ ᠢ ᠱᠠᠯᠠᠪᠳᠠᠨ ᠲᠣᠭᠲᠠᠭᠠᠵᠤ᠂ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡᠨ ᠤ  ᠲᠦᠪᠰᠢᠨ ᠢᠶᠠᠨ ᠳᠡᠭᠡᠭᠰᠢᠯᠡᠭᠦᠯᠦᠨ᠂ ᠵᠣᠭᠤᠰ ᠵᠢᠭᠡᠯᠡᠭᠴᠢ ᠶᠢᠨ ᠭᠤᠶᠤᠴᠢᠯᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠯᠢ ᠴᠢᠳᠠᠬᠤ ᠪᠠᠷ ᠳᠥᠭᠦᠮ ᠳᠥᠲᠡ ᠠᠷᠭ᠎ᠠ ᠬᠡᠮᠵᠢᠶ᠎ᠡ ᠠᠪᠴᠤ᠂ ᠵᠣᠭᠤᠰ ᠵᠢᠭᠡᠯᠡᠭᠴᠢ ᠶᠢᠨ ᠤᠴᠢᠷ ᠶᠠᠪᠤᠳᠠᠯ ᠭᠦᠢᠴᠡᠳᠬᠡᠬᠦ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠤᠬᠠᠢ ᠶᠢᠨ ᠡᠳᠦᠷ᠂ ᠳᠡᠭᠡᠷ᠎ᠡ ᠳᠤᠷᠠᠳᠤᠭᠰᠠᠨ ᠬᠤᠶᠠᠷ ᠰᠠᠯᠠᠭ᠎ᠠ ᠮᠥᠴᠢᠷ ᠪᠠᠰᠠ ᠮᠡᠳᠡᠭᠳᠡᠯ ᠨᠡᠶᠢᠲᠡᠯᠡᠵᠦ᠂ ᠣᠲᠣ ᠶᠢᠨ ᠬᠡᠷᠡᠭᠵᠢᠭᠦᠯᠵᠦ ᠪᠠᠶᠢᠭ᠎ᠠ ᠵᠥᠷᠢᠶᠡᠲᠦ ᠣᠷᠣᠨ ᠰᠠᠭᠤᠴᠠ ᠶᠢᠨ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠰᠢᠯᠢᠳᠡᠭᠵᠢᠭᠦᠯᠦᠨ᠂ ᠪᠦᠭᠦ ᠤᠯᠤᠰ ᠤᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠠᠮᠤᠭ ᠤᠨ ᠳᠣᠣᠷ᠎ᠠ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠤᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠢ ᠨᠢᠭᠡᠳᠬᠡᠪᠡ᠃      ᠮᠡᠳᠡᠭᠳᠡᠯ ᠢ ᠦᠨᠳᠦᠰᠦᠯᠡᠪᠡᠯ᠂ ᠵᠢᠭᠡᠯᠡᠯᠭᠡ ᠪᠠᠷ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠰᠠᠭᠤᠭᠠᠯᠢ ᠠᠷᠠᠳ ᠤᠨ ᠭᠡᠷ ᠪᠦᠯᠢ ᠶᠢᠨ ᠨᠢᠭᠡᠳᠦᠭᠡᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠢ 20% ᠠᠴᠠ ᠳᠣᠣᠷ᠎ᠠ ᠪᠠᠶᠢᠯᠭᠠᠬᠤ ᠦᠭᠡᠢ᠂ ᠬᠤᠶᠠᠳᠤᠭᠠᠷ ᠢᠵᠢ ᠣᠷᠣᠨ ᠰᠠᠭᠤᠴᠠ ᠶᠢᠨ ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠢ 30% ᠠᠴᠠ ᠳᠣᠣᠷ᠎ᠠ ᠪᠠᠶᠢᠯᠭᠠᠬᠤ ᠦᠭᠡᠢ᠃ ᠬᠤᠶᠠᠳᠤᠭᠠᠷ ᠢᠵᠢ ᠣᠷᠣᠨ ᠰᠠᠭᠤᠴᠠ ᠶᠢᠨ ᠬᠦᠦ ᠮᠥᠩᠭᠦ ᠶᠢᠨ ᠨᠣᠷᠮ᠎ᠠ ᠶᠢᠨ ᠲᠥᠷᠥ ᠶᠢᠨ ᠪᠣᠳᠣᠯᠭ᠎ᠠ ᠶᠢᠨ ᠳᠣᠣᠷᠠᠳᠤ ᠬᠢᠵᠠᠭᠠᠷ ᠢ ᠵᠣᠬᠢᠴᠠᠩᠭᠤᠢ ᠬᠤᠭᠤᠴᠠᠭᠠᠲᠤ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠮᠥᠩᠭᠦ ᠶᠢᠨ ᠨᠣᠷᠮ᠎ᠠ ︵LPR︶ ᠳᠡᠭᠡᠷ᠎ᠡ 20 ᠰᠠᠭᠤᠷᠢ ᠴᠡᠭ ᠨᠡᠮᠡᠪᠡ᠃      ᠬᠤᠶᠠᠷ ᠰᠠᠯᠠᠭ᠎ᠠ ᠮᠥᠴᠢᠷ᠂ ᠡᠯ᠎ᠡ ᠭᠠᠵᠠᠷ ᠤᠨ ᠬᠢᠨ ᠬᠤᠲᠠ ᠶᠢᠨ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠵᠠᠷᠴᠢᠮ ᠶᠣᠰᠣᠭᠠᠷ᠂ ᠲᠤᠬᠠᠢ ᠶᠢᠨ ᠭᠠᠵᠠᠷ ᠤᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠪᠠ ᠲᠣᠬᠢᠷᠠᠭᠤᠯᠤᠯ ᠡᠵᠡᠮᠳᠡᠯ ᠤᠨ ᠬᠡᠷᠡᠭᠴᠡᠭᠡ ᠶᠢ ᠦᠨᠳᠦᠰᠦᠯᠡᠨ᠂ ᠬᠠᠷᠢᠶ᠎ᠠ ᠣᠷᠣᠨ ᠤ ᠪᠠᠨ ᠳᠣᠲᠣᠷᠠᠬᠢ ᠨᠢᠭᠡᠳᠦᠭᠡᠷ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠶᠢᠨ ᠠᠩᠬ᠎ᠠ ᠲᠤᠰᠢᠶᠠᠬᠤ ᠮᠥᠩᠭᠦ ᠶᠢᠨ ᠬᠠᠷᠢᠴᠠᠯ ᠪᠠ ᠬᠦᠦ ᠮᠥᠩᠭᠦ ᠶᠢᠨ ᠨᠣᠷᠮ᠎ᠠ ᠶᠢᠨ ᠳᠣᠣᠷᠠᠳᠤ ᠬᠢᠵᠠᠭᠠᠷ ᠢ ᠪᠡᠶ᠎ᠡ ᠪᠠᠨ ᠳᠠᠭᠠᠭᠠᠵᠤ ᠲᠣᠭᠲᠠᠭᠠᠵᠤ ᠪᠣᠯᠣᠨ᠎ᠠ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号