ᠮᠠᠨ ᠤ ᠣᠷᠣᠨ ᠤ 3 ᠠᠵᠢᠯᠯᠠᠬᠤ ᠦᠷᠦᠭᠡ ᠪᠦᠭᠦ ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠵᠢᠱᠢᠶ᠎ᠡ ᠦᠵᠡᠭᠦᠯᠭᠦ ᠴᠢᠨᠠᠷᠲᠠᠢ ᠭᠦᠳᠡᠯᠮᠦᠷᠢ ᠶᠢᠨ ᠵᠢᠱᠢᠶᠡᠴᠢ ᠪᠠ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯᠯᠠᠬᠤ ᠦᠷᠦᠭᠡ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/9/5
     ᠣᠶᠢᠷ᠎ᠠ ᠳᠤ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠠᠵᠢᠯᠴᠢᠨ ᠤ ᠡᠪᠯᠡᠯ ᠤᠨ ᠪᠦᠭᠦ ᠤᠯᠤᠰ ᠤᠨ ᠬᠤᠷᠢᠶ᠎ᠠ ︽ᠪᠦᠭᠦ ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠵᠢᠱᠢᠶ᠎ᠡ ᠦᠵᠡᠭᠦᠯᠭᠦ ᠴᠢᠨᠠᠷᠲᠠᠢ ᠭᠦᠳᠡᠯᠮᠦᠷᠢ ᠶᠢᠨ ᠵᠢᠱᠢᠶᠡᠴᠢ ᠪᠠ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯᠯᠠᠬᠤ ᠦᠷᠦᠭᠡ ᠶᠢ ᠨᠤᠲᠠᠯᠠᠬᠤ ᠲᠤᠬᠠᠢ ᠮᠡᠳᠡᠭᠳᠡᠯ︾ ᠪᠠᠭᠤᠯᠭᠠᠵᠤ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠯᠢᠦ ᠷᠦᠢ ᠶᠢᠨ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯᠯᠠᠬᠤ ᠦᠷᠦᠭᠡ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠤᠨ ᠰᠢᠨ᠎ᠡ ᠶᠢ ᠡᠭᠦᠳᠬᠦ ᠠᠵᠢᠯᠯᠠᠬᠤ ᠦᠷᠦᠭᠡ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠤᠸᠠᠩ ᠫᠢᠩ ᠫᠢᠩ ᠤᠨ ᠰᠢᠨ᠎ᠡ ᠶᠢ ᠡᠭᠦᠳᠬᠦ ᠠᠵᠢᠯᠯᠠᠬᠤ ᠦᠷᠦᠭᠡ ᠶᠢ ᠪᠦᠭᠦ ᠤᠯᠤᠰ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠵᠢᠱᠢᠶ᠎ᠡ ᠦᠵᠡᠭᠦᠯᠭᠦ ᠴᠢᠨᠠᠷᠲᠠᠢ ᠭᠦᠳᠡᠯᠮᠦᠷᠢ ᠶᠢᠨ ᠵᠢᠱᠢᠶᠡᠴᠢ ᠪᠠ ᠠᠵᠢᠯᠲᠠᠨ ᠠᠵᠢᠯᠴᠢᠨ ᠤ ᠰᠢᠨ᠎ᠡ  ᠶᠢ ᠡᠭᠦᠳᠬᠦ ᠠᠵᠢᠯᠯᠠᠬᠤ ᠦᠷᠦᠭᠡ ᠪᠠᠷ ᠦᠨᠡᠯᠡᠪᠡ᠃      ᠣᠶᠢᠯᠠᠭᠠᠭᠰᠠᠨ ᠢᠶᠠᠷ᠂ ᠭᠦᠳᠡᠯᠮᠦᠷᠢ ᠶᠢᠨ ᠵᠢᠱᠢᠶᠡᠴᠢ ᠪᠠ ᠠᠵᠢᠯᠲᠠᠨ ᠠᠵᠢᠯᠴᠢᠨ ᠤ ᠰᠢᠨ᠎ᠡ ᠶᠢ ᠡᠭᠦᠳᠬᠦ ᠠᠵᠢᠯᠯᠠᠬᠤ ᠦᠷᠦᠭᠡ ᠪᠣᠯ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢᠨ ᠵᠢᠱᠢᠶᠡᠴᠢ᠂ ᠤᠷᠠᠨ ᠳᠠᠷᠬᠠᠨ᠂ ᠨᠠᠷᠠᠲᠤ ᠪᠠᠭᠰᠢ᠂ ᠨᠠᠷᠠᠲᠤ ᠡᠮᠴᠢ᠂ ᠨᠠᠷᠠᠲᠤ ᠬᠥᠮᠥᠨ ᠵᠡᠷᠭᠡ ᠰᠢᠯᠢᠳᠡᠭ ᠴᠢᠳᠠᠪᠤᠷᠢᠲᠠᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠣᠯᠠᠨ ᠲᠦᠮᠡᠨᠴᠢ ᠴᠢᠨᠠᠷᠲᠠᠢ ᠰᠢᠨ᠎ᠡ ᠶᠢ ᠡᠭᠦᠳᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠬᠤ ᠴᠢᠬᠤᠯᠠ ᠲᠠᠪᠴᠠᠩ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号