ᠣᠶᠢᠷ᠎ᠠ ᠳᠤ᠂ ︽ᠴᠡᠷᠢᠭ ᠠᠷᠠᠳ ᠤᠮᠠᠷᠠᠲᠤ ᠬᠢᠯᠢ ᠪᠠᠨ ᠬᠠᠮᠲᠤ ᠪᠠᠷ ᠪᠠᠶᠢᠭᠤᠯᠵᠤ ᠪᠦᠯᠬᠦᠮᠳᠡᠨ ᠲᠡᠮᠡᠴᠡᠵᠦ | ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠬᠤ︾ - ᠶᠠᠨ ᠠᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠤ 80 | ᠵᠢᠯ ᠤᠨ ᠣᠶ ᠶᠢ ᠳᠤᠷᠠᠰᠬᠠᠬᠤ ᠵᠢᠴᠢ 2023 ᠣᠨ ᠤ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ | ᠴᠡᠷᠢᠭ ᠤᠨ ᠠᠯᠪᠠ ᠠᠴᠠ ᠬᠠᠯᠠᠭᠳᠠᠭᠰᠠᠳ︾᠂ ︽ᠬᠠᠮᠤᠭ ᠤᠨ ᠭᠤᠶᠣ ᠴᠡᠷᠢᠭ ᠤᠨ ᠪᠦᠰᠡᠭᠦᠢ︾᠂ ︽ᠬᠠᠮᠤᠭ ᠤᠨ ᠭᠤᠶᠣ | ᠴᠡᠷᠢᠭ ᠢᠶᠠᠨ ᠬᠦᠷᠢᠶᠡᠯᠡᠭᠴᠢ︾᠂ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠢ | ᠨᠡᠶᠢᠲᠡᠯᠡᠬᠦ ᠶᠣᠰᠣᠯᠠᠯ ᠭᠦᠭᠡᠬᠤᠲᠠ ᠳᠤ ᠶᠠᠪᠤᠭᠳᠠᠪᠠ᠃ | ᠶᠣᠰᠣᠯᠠᠯ ᠨᠢ ︽ᠶᠡᠭᠡ ᠬᠠᠶᠢᠷ᠎ᠠ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠵᠢᠭᠠᠰᠤ ᠤᠰᠤᠨ ᠤ | ᠬᠠᠷᠢᠴᠠᠭ᠎ᠠ ᠶᠢ ᠤᠯᠠᠮ ᠵᠤᠵᠠᠭᠠᠳᠬᠠᠬᠤ︾᠂ ︽ᠴᠡᠷᠢᠭ ᠢᠶᠠᠨ ᠬᠦᠷᠢᠶᠡᠯᠡᠨ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠬᠦ︾ | ᠵᠡᠷᠭᠡ 4 ᠬᠡᠰᠡᠭ ᠢᠶᠠᠷ ᠪᠦᠷᠢᠯᠳᠦᠵᠦ᠂ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠤᠨ | ᠴᠡᠷᠢᠭ ᠠᠩᠭᠢ ᠠᠴᠠ ᠬᠠᠯᠠᠭᠳᠠᠭᠰᠠᠨ ᠴᠸ ᠡᠭᠦᠷᠢᠳᠡ ᠨᠠᠮ ᠪᠠ ᠠᠷᠠᠳ ᠲᠦᠮᠡᠨ ᠳᠡᠭᠡᠨ ᠦᠨᠡᠨᠴᠢ ᠰᠢᠳᠤᠷᠭᠤ | ᠪᠠᠶᠢᠬᠤ ᠲᠡᠷᠢᠭᠦᠨ ᠤ ᠦᠢᠯᠡ ᠠᠵᠢᠯᠯᠠᠭ᠎ᠠ ᠶᠢ ᠳᠡᠯᠭᠡᠨ ᠦᠵᠡᠭᠦᠯᠵᠦ᠂ ᠪᠦᠭᠦ ᠣᠷᠣᠨ ᠤ ᠡᠯ᠎ᠡ ᠭᠠᠵᠠᠷ ᠣᠷᠣᠨ᠂ ᠡᠯ᠎ᠡ | ᠬᠦᠷᠢᠶ᠎ᠡ ᠴᠠᠷᠠᠭᠠᠨ ᠤ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠴᠢ︾᠂ ︽ᠬᠠᠮᠤᠭ ᠤᠨ ᠭᠤᠶᠣ ᠴᠡᠷᠢᠭ ᠢᠶᠠᠨ | ᠬᠦᠷᠢᠶᠡᠯᠡᠭᠰᠡᠨ ᠠᠵᠤ ᠠᠬᠤᠶᠢᠯᠠᠯ︾ ᠤᠨ ᠬᠤᠶᠠᠷ ᠢ ᠬᠦᠷᠢᠶᠡᠯᠡᠬᠦ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ | ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠲᠠᠮᠵᠢᠵᠤ | ᠪᠠᠶᠢᠭ᠎ᠠ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠦᠯᠢᠭᠡᠷ ᠢ ᠢᠯᠡᠷᠡᠭᠦᠯᠪᠡ᠃ | ᠲᠣᠰ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠠᠯᠪᠠᠨ ᠭᠡᠷ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠪᠣᠯᠣᠨ ᠥᠪᠥᠷ ᠮᠣᠩᠭᠤᠯ ᠤᠨ ᠴᠡᠷᠢᠭ ᠤᠨ | ᠲᠣᠭᠤᠷᠢᠭ ᠤᠨ ᠤᠯᠤᠰ ᠲᠥᠷᠥ ᠶᠢᠨ ᠠᠵᠢᠯ ᠤᠨ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠱᠠᠲᠤ ᠱᠠᠲᠤ ᠪᠠᠷ | ᠲᠠᠨᠢᠯᠴᠠᠭᠤᠯᠬᠤ᠂ ᠴᠢᠩᠭ᠎ᠠ ᠰᠢᠯᠢᠨ ᠰᠣᠩᠭᠤᠬᠤ᠂ ᠨᠡᠶᠢᠭᠡᠮ ᠨᠡᠶᠢᠲᠡ ᠳᠤ ᠵᠠᠷᠯᠠᠨ ᠨᠡᠶᠢᠲᠡᠯᠡᠬᠦ ᠪᠠᠷ ᠳᠡᠮᠵᠢᠨ᠂ ᠬᠤᠸᠠᠩ | ᠭᠦᠸᠧ ᠼᠠᠢ ᠵᠡᠷᠭᠡ 30 ᠬᠥᠮᠥᠨ ᠳᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾᠂ ᠪᠠᠢ | ᠬᠤᠨᠭ᠌ ᠮᠸᠢ ᠵᠡᠷᠭᠡ 20 ᠬᠥᠮᠥᠨ ᠳᠤ ︽ᠬᠠᠮᠤᠭ ᠤᠨ ᠭᠤᠶᠣ ᠴᠡᠷᠢᠭ ᠤᠨ ᠪᠦᠰᠡᠭᠦᠢ︾᠂ ᠱᠢ ᠸᠧᠨ ᠭᠤᠸᠠᠩ ᠵᠡᠷᠭᠡ | 20 ᠬᠥᠮᠥᠨ ᠳᠤ ︽ᠬᠠᠮᠤᠭ ᠤᠨ ᠭᠤᠶᠣ ᠴᠡᠷᠢᠭ ᠢᠶᠠᠨ ᠬᠦᠷᠢᠶᠡᠯᠡᠭᠴᠢ︾᠂ ᠥᠪᠥᠷ ᠮᠣᠩᠭᠤᠯ ᠤᠨ ᠤᠢ ᠰᠢᠭᠤᠢ ᠶᠢᠨ | ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠵᠡᠷᠭᠡ 20 ᠠᠵᠤ ᠠᠬᠤᠶᠢᠯᠠᠯ ᠳᠤ ︽ᠬᠠᠮᠤᠭ ᠤᠨ | ᠭᠤᠶᠣ ᠴᠡᠷᠢᠭ ᠢᠶᠠᠨ ᠬᠦᠷᠢᠶᠡᠯᠡᠭᠰᠡᠨ ᠠᠵᠤ ᠠᠬᠤᠶᠢᠯᠠᠯ︾ ᠤᠨ ᠴᠣᠯᠠ ᠣᠯᠭᠤᠪᠠ᠃ | ᠲᠠᠷᠠᠭᠠᠴᠢ ᠪᠠᠷ᠂ ᠪᠦᠭᠦ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠢᠰᠲ᠋ᠧᠮ | ᠤᠨ ᠬᠢᠨ ︽ᠬᠠᠮᠤᠭ ᠤᠨ ᠭᠤᠶᠣ︾ ᠠᠴᠠ ᠰᠤᠷᠤᠯᠴᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠵᠦ᠂ ᠨᠡᠶᠢᠭᠡᠮ ᠳᠠᠶᠠᠭᠠᠷ ᠢᠶᠠᠷ ᠢᠶᠠᠨ ᠴᠡᠷᠢᠭ ᠬᠥᠮᠥᠨ ᠤ ᠠᠵᠢᠯ ᠲᠦᠷᠦᠯ ᠢ ᠬᠦᠨᠳᠦᠳᠬᠡᠬᠦ᠂ ᠴᠡᠷᠢᠭ | ᠬᠥᠮᠥᠨ ᠤ ᠪᠠᠶᠢᠷᠢ ᠰᠠᠭᠤᠷᠢ ᠶᠢ ᠬᠠᠮᠠᠭᠠᠯᠠᠬᠤ᠂ ᠴᠡᠷᠢᠭ ᠬᠥᠮᠥᠨ ᠤ ᠡᠷᠬᠡ ᠠᠰᠢᠭ ᠢ ᠪᠠᠲᠤᠯᠠᠬᠤ ᠭᠦᠨ ᠵᠤᠵᠠᠭᠠᠨ | ᠠᠭᠤᠷ ᠠᠮᠢᠰᠬᠤᠯ ᠢ ᠪᠤᠶ ᠪᠤᠯᠭᠠᠬᠤ ᠪᠣᠯᠣᠨ᠎ᠠ᠃ |