ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ | ᠠᠬᠠᠮᠠᠳ ᠺᠠᠳ᠋ᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠠᠮᠲᠤᠷᠠᠨ ︽ᠺᠠᠳ᠋ᠷ ᠤᠨ ᠢᠷᠠᠭᠤ ᠠᠯᠳᠠᠷ ᠲᠠᠢ ᠪᠠᠷ ᠠᠵᠢᠯ ᠠᠴᠠ ᠪᠠᠨ | ᠠᠮᠠᠷᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ 6 ᠲᠠᠯ᠎ᠠ ᠶᠢᠨ ᠠᠷᠭ᠎ᠠ ᠬᠡᠮᠵᠢᠶ᠎ᠡ ᠠᠪᠴᠤ ᠺᠠᠳ᠋ᠷ ᠤᠨ ᠢᠷᠠᠭᠤ ᠠᠯᠳᠠᠷ ᠲᠠᠢ ᠪᠠᠷ | ᠠᠵᠢᠯ ᠠᠴᠠ ᠪᠠᠨ ᠠᠮᠠᠷᠠᠬᠤ ᠠᠵᠢᠯ ᠢ ᠰᠠᠶᠢᠲᠤᠷ ᠬᠢᠬᠦ ᠲᠤᠬᠠᠢ ᠲᠣᠭᠲᠠᠭᠠᠯ ᠭᠠᠷᠭᠠᠪᠠ᠃ ᠨᠢᠭᠡ ᠳᠤ᠂ ᠰᠡᠳᠬᠢᠯ ᠤᠨ | ᠦᠭᠡ ᠪᠠᠨ ᠶᠠᠷᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠺᠠᠳ᠋ᠷ ᠤᠨ ᠠᠮᠵᠢᠯᠲᠠ | ᠪᠦᠲᠦᠮᠵᠢ ᠶᠢ ᠨᠤᠲᠠᠯᠠᠵᠤ᠂ ᠦᠵᠡᠯ ᠰᠠᠨᠠᠭ᠎ᠠ ᠶᠢ ᠨᠢ ᠣᠶᠢᠯᠠᠭᠠᠵᠤ᠂ ᠲᠡᠳᠡᠨ ᠢ ᠬᠥᠲᠥᠯᠥᠨ ᠵᠢᠯᠤᠭᠤᠳᠴᠤ ᠦᠵᠡᠯ | ᠰᠠᠨᠠᠭ᠎ᠠ ᠲᠣᠭᠲᠠᠭᠤᠨ᠂ ᠪᠡᠶ᠎ᠡ ᠰᠡᠳᠬᠢᠯ ᠡᠷᠡᠭᠦᠯ ᠮᠡᠨᠳᠦ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠪᠡᠶ᠎ᠡ ᠳᠡᠭᠡᠨ | ᠲᠠᠯᠪᠢᠬᠤ ᠱᠠᠭᠠᠷᠳᠠᠯᠭ᠎ᠠ ᠪᠠᠨ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠂ ᠬᠤᠶᠠᠷ ᠲᠤ᠂ ᠢᠷᠠᠭᠤ | ᠠᠯᠳᠠᠷ ᠲᠠᠢ ᠪᠠᠷ ᠲᠤᠰᠢᠶᠠᠯ ᠠᠴᠠ ᠪᠠᠨ ᠪᠠᠭᠤᠬᠤ ᠶᠣᠰᠣᠯᠠᠯ ᠶᠠᠪᠤᠭᠤᠯᠤᠨ᠎ᠠ᠃ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠠᠵᠢᠯ ᠤᠨ ᠥᠩᠭᠡᠷᠡᠯᠲᠡ ᠪᠣᠯᠣᠨ ᠲᠣᠪᠣᠶᠢᠮ᠎ᠠ ᠠᠮᠵᠢᠯᠲᠠ ᠪᠦᠲᠦᠮᠵᠢ ᠶᠢ ᠡᠷᠭᠢᠴᠡᠭᠦᠯᠵᠦ᠂ ᠲᠡᠳᠡᠨ ᠤ | ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠬᠦ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ | ᠦᠵᠡᠭᠦᠯᠭᠦ ᠵᠣᠷᠢᠭ ᠰᠠᠨᠠᠭ᠎ᠠ ᠶᠢ ᠮᠠᠭᠲᠠᠨ ᠰᠠᠶᠢᠰᠢᠶᠠᠵᠤ᠂ ᠲᠣᠰ ᠭᠠᠵᠠᠷ ᠣᠷᠣᠨ ᠲᠣᠰ ᠠᠵᠢᠯ ᠲᠥᠷᠥᠯ ᠲᠣᠰ | ᠨᠢᠭᠡᠴᠢ ᠶᠢᠨ ᠠᠵᠢᠯ ᠦᠢᠯᠡᠰ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠠᠩᠬᠠᠷᠬᠤ ᠶᠢ ᠵᠣᠷᠢᠬᠵᠢᠭᠤᠯᠤᠨ᠎ᠠ᠂ | ᠭᠤᠷᠪᠠ ᠳᠤ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠨ᠎ᠠ᠃ | ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠺᠠᠳ᠋ᠷ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ | ᠰᠢᠯᠵᠢᠭᠦᠯᠬᠦ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠳᠤ | ᠣᠷᠣᠯᠴᠠᠬᠰᠠᠨ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠢ ᠳᠤᠨᠢ ᠡᠵᠡᠮᠰᠢᠵᠦ᠂ | ᠵᠣᠬᠢᠴᠠᠭᠤᠯᠤᠨ ᠰᠢᠢᠳᠪᠦᠷᠢᠯᠡᠵᠦ᠂ ᠰᠡᠵᠢᠭ ᠢ ᠲᠠᠶᠢᠯᠬᠤ ᠪᠠ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠢ | ᠰᠠᠶᠢᠲᠤᠷ ᠬᠢᠵᠦ᠂ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ | ᠲᠠᠰᠤᠯᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠂ ᠳᠥᠷᠪᠡ ᠳᠤ᠂ ᠦᠢᠯᠡᠴᠢᠯᠡᠭᠡᠨ ᠤ ᠵᠣᠯᠭᠠᠭᠤᠯᠤᠯᠲᠠ ᠶᠢ | ᠰᠠᠶᠢᠲᠤᠷ ᠬᠢᠨ᠎ᠡ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠠᠵᠢᠯ ᠠᠴᠠ ᠪᠠᠨ ᠠᠮᠠᠷᠠᠭᠰᠠᠨ | ᠺᠠᠳ᠋ᠷᠴᠤᠳ ᠤᠨ ᠦᠢᠯᠡᠴᠢᠯᠡᠭᠡ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠮᠡᠳᠡᠭᠡ | ᠵᠠᠩᠭᠢ ᠶᠢ ᠴᠠᠭ ᠲᠤᠬᠠᠢ ᠳᠤᠨᠢ ᠳᠠᠩᠰᠠᠨ ᠳᠤ ᠣᠷᠣᠭᠤᠯᠵᠤ᠂ ᠬᠥᠳᠡᠯᠦᠩᠭᠦᠢ ᠪᠠᠷ ᠰᠢᠨᠡᠳᠬᠡᠨ ᠬᠠᠮᠠᠭᠠᠯᠠᠬᠤ ᠠᠵᠢᠯ ᠢ | ᠰᠠᠶᠢᠲᠤᠷ ᠬᠢᠬᠦ ᠭᠡᠷᠡᠭᠲᠡᠶ᠂ ᠲᠠᠪᠤ ᠳᠤ᠂ ᠤᠯᠤᠰ ᠲᠥᠷᠥ ᠶᠢᠨ ᠵᠢᠯᠣᠭᠤᠳᠤᠮᠵᠢ ᠶᠢ ᠳᠣᠪᠤᠶᠢᠯᠭᠠᠨ᠎ᠠ᠃ ᠲᠤᠰᠬᠠᠢ | ᠰᠡᠳᠦᠪᠲᠦ ᠨᠣᠮ ᠤᠩᠰᠢᠬᠤ ᠠᠩᠭᠢ᠂ ᠪᠣᠯᠪᠠᠰᠤᠷᠠᠯ ᠤᠨ ᠠᠩᠭᠢ ᠡᠷᠭᠢᠯᠡᠭᠦ ᠵᠡᠷᠭᠡ ᠭᠡᠯᠪᠡᠷᠢ ᠪᠠᠷ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢᠨ᠎ᠡ ᠴᠠᠭ ᠦᠶ᠎ᠡ ᠶᠢᠨ ᠨᠠᠮ ᠤᠨ ᠤᠨᠤᠯ ᠤᠨ ᠰᠢᠨ᠎ᠡ | ᠡᠭᠦᠳᠦᠯᠲᠡ ᠶᠢ ᠭᠦᠨᠵᠡᠭᠡᠢ ᠰᠤᠷᠤᠯᠴᠠᠭᠤᠯᠤᠨ᠎ᠠ᠃ ᠵᠢᠷᠭᠤᠭ᠎ᠠ ᠳᠤ᠂ ᠬᠥᠲᠥᠯᠥᠨ ᠵᠢᠯᠤᠭᠤᠳᠬᠤ ᠦᠢᠯᠡᠳᠦᠯ ᠢ | ᠪᠠᠳᠠᠷᠠᠭᠤᠯᠤᠨ᠎ᠠ᠃ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠠᠨᠠᠭᠠᠴᠢᠯᠠᠭ᠎ᠠ ᠠᠴᠠ ᠪᠠᠨ ᠨᠡᠶᠢᠭᠡᠮ | ᠲᠣᠭᠤᠷᠢᠭ ᠲᠤ ᠠᠭᠤᠰᠤᠯᠴᠠᠬᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠬᠦ ᠵᠡᠷᠭᠡ ᠶᠢᠨ ᠲᠣᠭᠤᠷᠢᠨ ᠳᠤ ᠤᠶᠤᠨ ᠤᠬᠠᠭᠠᠨ | ᠬᠦᠴᠦᠨ ᠴᠢᠳᠠᠯ ᠢᠶᠠᠨ ᠡᠷᠭᠦᠬᠦ ᠶᠢ ᠬᠥᠲᠥᠯᠥᠨ ᠵᠢᠯᠣᠭᠤᠳᠤᠨ᠎ᠠ᠃ |