ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠴᠢᠳᠠᠪᠤᠷᠢᠲᠠᠨ ᠤ ᠠᠩᠬᠠᠨ ᠤ ᠰᠢᠯᠭᠠᠷᠠᠭᠤᠯᠤᠯᠲᠠ ᠳᠠᠭᠤᠰᠪᠠ
ᠨᠡᠶᠢᠲᠡᠯᠡᠭᠰᠡᠨ ᠴᠠᠭ᠄
2023/9/5
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠪᠦᠭᠦ ᠣᠷᠣᠨ ᠤ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠴᠢᠳᠠᠪᠤᠷᠢᠲᠠᠨ ᠤ ᠠᠩᠬᠠᠨ  ᠤ ᠰᠢᠯᠭᠠᠷᠠᠭᠤᠯᠤᠯᠲᠠ ᠳᠠᠭᠤᠰᠴᠤ᠂ 12 ᠠᠶᠢᠮᠠᠭ ᠬᠤᠲᠠ ᠶᠢᠨ 60 ᠬᠥᠮᠥᠨ ᠰᠢᠢᠳᠪᠦᠷᠢᠲᠦ ᠤᠷᠤᠯᠳᠤᠭᠠᠨ ᠳᠤ ᠣᠷᠤᠯᠴᠠᠬᠤ ᠬᠢᠷᠢ ᠭᠡᠮ ᠢ ᠣᠯᠪᠠ᠃      ᠣᠶᠢᠯᠠᠭᠠᠭᠰᠠᠨ ᠢᠶᠠᠷ᠂ ᠪᠦᠭᠦ ᠣᠷᠣᠨ ᠠᠴᠠ ᠨᠡᠶᠢᠲᠡ 219 ᠬᠥᠮᠥᠨ ᠰᠢᠯᠭᠠᠷᠠᠭᠤᠯᠤᠯᠲᠠ ᠳᠤ ᠣᠷᠤᠯᠴᠠᠬᠤ  ᠪᠠᠷ ᠨᠡᠷ᠎ᠡ ᠮᠡᠳᠡᠭᠦᠯᠵᠦ᠂ ᠡᠴᠦᠰ ᠲᠡᠭᠡᠨ 161 ᠬᠥᠮᠥᠨ ᠤᠷᠤᠯᠳᠤᠭᠠᠨ ᠳᠤ ᠣᠷᠤᠯᠴᠠᠬᠤ ᠬᠢᠷᠢ ᠭᠡᠮ ᠳᠤ ᠨᠡᠶᠢᠴᠡᠭᠰᠡᠨ ᠪᠥᠭᠡᠳ ᠵᠣᠬᠢᠶᠠᠨ ᠪᠠᠶᠢᠭᠤᠯᠬᠤ ᠺᠣᠮᠢᠰ ᠲᠤ ᠨᠤᠲᠤᠭ ᠤᠨ ᠢᠶᠠᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠤᠭᠰᠠᠨ ᠸᠢᠳᠢᠤ᠋ ᠪᠦᠲᠦᠭᠡᠯ ᠢ ᠮᠡᠳᠡᠭᠦᠯᠦᠨ ᠬᠦᠷᠭᠡᠭᠰᠡᠨ ᠪᠠᠶᠢᠨ᠎ᠠ᠃ ᠲᠤᠰᠬᠠᠢ ᠮᠡᠷᠭᠡᠵᠢᠯᠲᠡᠳ ᠠᠳᠠᠯᠢ ᠪᠤᠰᠤ ᠲᠤᠰᠬᠠᠢ ᠮᠡᠷᠭᠡᠵᠢᠯ ᠤᠨ ᠲᠠᠯ᠎ᠠ ᠠᠴᠠ ᠰᠢᠯᠭᠠᠷᠠᠭᠤᠯᠬᠤ ᠪᠠᠷ ᠳᠠᠮᠵᠢᠨ ᠮᠠᠯᠵᠢᠬᠤ ᠲᠠᠷᠢᠶᠠᠯᠠᠬᠤ ᠣᠷᠣᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠰᠦᠯᠵᠢᠶᠡᠨ ᠤ ᠨᠡᠷᠡᠳᠤ ᠬᠥᠮᠥᠰ ᠢ ᠨᠡᠶᠢᠲᠡ 60 ᠨᠡᠷᠡᠰ ᠰᠢᠯᠭᠠᠷᠠᠭᠤᠯᠤᠨ ᠭᠠᠷᠭᠠᠵᠤ ᠰᠢᠢᠳᠪᠦᠷᠢᠲᠦ ᠤᠷᠤᠯᠳᠤᠭᠠᠨ  ᠳᠤ ᠣᠷᠣᠯᠴᠠᠭᠤᠯᠬᠤ ᠪᠠᠷ ᠲᠣᠭᠲᠠᠵᠠᠢ᠃      ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠴᠢᠳᠠᠪᠤᠷᠢᠲᠠᠨ ᠢ ᠰᠢᠯᠭᠠᠷᠠᠭᠤᠯᠬᠤ ᠤᠷᠤᠯᠳᠤᠭᠠᠨ 7 ᠰᠠᠷ᠎ᠠ ᠶᠢᠨ 24  ᠤ ᠡᠳᠦᠷ ᠲᠤ ᠡᠬᠢᠯᠡᠭᠰᠡᠨ ᠠᠴᠠ ᠨᠠᠭᠠᠰᠢ 12 ᠠᠶᠢᠮᠠᠭ ᠬᠤᠲᠠ ᠶᠢᠨ ᠮᠠᠯᠴᠢᠨ ᠲᠠᠷᠢᠶᠠᠴᠢᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ︽ᠰᠦᠯᠵᠢᠶᠡᠨ ᠤ ᠤᠷ᠎ᠠ ᠠᠪᠢᠶᠠᠰᠲᠠᠨ︾ ᠢᠳᠡᠪᠬᠢᠲᠡᠢ ᠪᠠᠷ ᠨᠡᠷ᠎ᠡ ᠮᠡᠳᠡᠭᠦᠯᠵᠦ᠂ ᠠᠯᠢ ᠣᠯᠠᠨ ᠴᠢᠨᠠᠷ ᠰᠠᠶᠢᠲᠠᠢ᠂ ᠨᠥᠯᠥᠭᠡᠯᠡᠬᠦ ᠬᠦᠴᠦᠨ ᠢᠶᠠᠷ ᠴᠢᠩᠭ᠎ᠠ ᠸᠢᠳᠢᠤ᠋ ᠪᠦᠲᠦᠭᠡᠯ ᠢ ᠰᠡᠭᠦᠳᠡᠷᠯᠡᠨ ᠦᠢᠯᠡᠳᠴᠦ᠂ ᠡᠯ᠎ᠡ ᠠᠶᠢᠮᠠᠭ ᠬᠤᠲᠠ ᠶᠢᠨ ᠥᠪᠡᠷᠮᠢᠴᠡ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠦᠭᠦ ᠲᠠᠯ᠎ᠠ ᠪᠠᠷ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠠᠬᠢ ᠨᠥᠯᠥᠭᠡᠯᠡᠬᠦ ᠬᠦᠴᠦᠨ ᠢ ᠪᠦᠭᠦ ᠲᠠᠯ᠎ᠠ ᠪᠠᠷ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠳᠠᠷᠠᠭᠠᠴᠢ ᠪᠠᠷ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠠᠨᠢᠯᠴᠠᠭᠤᠯᠬᠤ ᠲᠤᠰᠬᠠᠢ ᠴᠢᠳᠠᠪᠤᠷᠢᠲᠠᠨ ᠤ ᠪᠣᠯᠪᠠᠰᠤᠷᠠᠯ᠂ ᠰᠢᠭᠤᠳ ᠨᠡᠪᠲᠡᠷᠡᠭᠦᠯᠭᠡ ᠬᠢᠵᠦ ᠲᠠᠨᠢᠯᠴᠠᠭᠤᠯᠬᠤ᠂ ᠸᠢᠳᠢᠤ᠋ ᠦᠢᠯᠡᠳᠬᠦ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠵᠢᠴᠢ ᠸᠢᠳᠢᠤ᠋ ᠰᠡᠭᠦᠳᠡᠷᠯᠡᠨ ᠦᠢᠯᠡᠳᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠡᠩ ᠰᠠᠶᠢᠲᠤᠷ ᠤᠬᠠᠭᠤᠯᠤᠨ ᠲᠠᠨᠢᠯᠴᠠᠭᠤᠯᠬᠤ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号