ᠬᠠᠳᠠ ᠬᠥᠬᠡ ᠡᠷᠭᠢ ᠪᠠᠯᠭᠠᠰᠤᠨ ᠤ ᠪᠣᠬᠢᠷ ᠤᠰᠤ ᠶᠢ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠤᠷᠢᠳ ᠬᠤᠵᠢᠳ ᠬᠥᠬᠡ ᠡᠷᠭᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ᠂ ᠪᠣᠷᠣᠭᠠᠨ ᠤ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠣᠬᠢᠷᠲᠤᠯ ᠭᠠᠳᠠᠭᠰᠢᠯᠠᠭᠤᠯᠬᠤ ᠠᠮᠠ᠂ ᠬᠥᠬᠡ ᠡᠷᠭᠢ ᠪᠠᠯᠭᠠᠰᠤᠨ ᠤ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ᠂ ᠶᠢᠨ ᠰᠠᠨ ᠵᠢᠶᠥᠥ ᠠᠵᠤ ᠦᠢᠯᠡᠳᠪᠦᠷᠢ ᠶᠢᠨ ᠪᠣᠬᠢᠷ ᠤᠰᠤ ᠶᠢ ᠤᠷᠢᠳᠴᠢᠯᠠᠨ ᠰᠢᠢᠳᠪᠦᠷᠢᠯᠡᠬᠦ ᠦᠢᠯᠡᠳᠪᠦᠷᠢ ᠳᠤ ᠬᠦᠷᠴᠦ᠂ ᠠᠮᠢᠳᠤᠷᠠᠯ ᠤᠨ ᠪᠣᠬᠢᠷ ᠤᠰᠤ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠤᠷᠢᠶᠠᠨ ᠴᠤᠭᠯᠠᠭᠤᠯᠬᠤ ᠰᠢᠢᠳᠪᠦᠷᠢᠯᠡᠬᠦ ᠣᠷᠴᠢᠯᠳᠤᠭᠤᠯᠤᠨ ᠠᠰᠢᠭᠯᠠᠬᠤ᠂ ᠤᠰᠤ ᠣᠷᠣᠭᠤᠯᠬᠤ ᠤᠰᠤ ᠭᠠᠷᠭᠠᠬᠤ ᠤᠰᠤᠨ ᠤ ᠴᠢᠨᠠᠷ ᠢ ᠪᠠᠶᠢᠴᠠᠭᠠᠨ ᠰᠢᠯᠭᠠᠬᠤ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠬᠠᠳᠠ ᠬᠥᠬᠡ ᠡᠷᠭᠢ ᠪᠠᠯᠭᠠᠰᠤᠨ ᠤ ᠪᠣᠬᠢᠷ ᠤᠰᠤ ᠶᠢ ᠵᠠᠰᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠵᠠᠰᠠᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠨᠠᠷᠢᠨ ᠠᠰᠠᠭᠤᠬᠤ ᠶᠢᠨ ᠬᠠᠮᠲᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠬᠢ ᠡᠭᠦᠰᠦᠯ ᠠᠴᠠ ᠨᠢ ᠵᠠᠰᠠᠬᠤ ᠪᠠ ᠤᠰᠤᠨ ᠤ ᠴᠢᠨᠠᠷ ᠢ ᠰᠢᠯᠭᠠᠨ ᠪᠠᠶᠢᠴᠠᠭᠠᠬᠤ ᠶᠢ ᠴᠢᠩᠭᠠᠳᠬᠠᠵᠤ᠂ ᠲᠤᠭ᠎ᠠ ᠪᠦᠷᠢᠳᠬᠡᠯ ᠢ ᠲᠣᠳᠣᠷᠬᠠᠶᠢᠯᠠᠵᠤ᠂ ᠪᠠᠶᠢᠳᠠᠯ ᠢ ᠲᠣᠳᠣᠷᠬᠠᠶᠢᠯᠠᠵᠤ᠂ ᠲᠣᠪᠣᠶᠢᠮ᠎ᠠ ᠤᠰᠤᠨ ᠤ ᠪᠣᠬᠢᠷᠲᠤᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠣᠨ ᠪᠦᠰᠡ ᠶᠢᠨ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ︔ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠡᠳᠦᠷ ᠳᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ ᠤᠨ ᠵᠠᠮ ᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠤ ᠤᠰᠤᠨ ᠣᠷᠣᠨ ᠢ ᠬᠢᠨᠠᠨ ᠡᠵᠡᠮᠳᠡᠬᠦ ᠵᠡᠷᠭᠡ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号