ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠨ ᠡᠷᠡᠮᠡᠬᠡᠶᠢᠯᠡᠨ ᠳᠠᠪᠰᠢᠵᠤ ᠰᠢᠨ᠎ᠡ ᠬᠠᠭᠤᠳᠠᠰᠤ ᠶᠢ ᠪᠢᠴᠢᠭᠯᠡᠨ᠎ᠡ -- ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/6
     ᠠᠵᠠ ᠲᠣᠬᠢᠶᠠᠯ ᠢ ᠠᠳᠬᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠴᠢ ᠵᠣᠷᠢᠭ ᠢᠶᠠᠨ ᠬᠥᠪᠴᠢᠯᠡᠨ᠂ ᠦᠷ᠎ᠡ ᠪᠦᠲᠦᠮᠵᠢ ᠣᠯᠵᠤ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠶ᠎ᠡ᠃ 9 ᠰᠠᠷ᠎ᠠ ᠶᠢᠨ 2  ᠤᠨ ᠡᠳᠦᠷ᠂ ᠦᠴᠦᠸᠠᠨ ᠰᠢᠶᠠᠨ ᠤ ︽ᠠᠵᠢᠯᠯᠠᠭᠰᠠᠨ ᠢᠶᠠᠨ ᠠᠳᠠᠯᠢᠳᠬᠠᠵᠤ ᠠᠵᠢᠯ ᠤᠨ ᠪᠦᠲᠦᠮᠵᠢ ᠪᠠᠨ ᠳᠡᠯᠭᠡᠨ ᠦᠵᠡᠭᠦᠯᠬᠦ︾ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠲᠤᠰ ᠲᠤᠰ ᠪᠠᠷᠠᠭᠤᠨ ᠤᠯᠠᠭᠠᠨᠪᠤᠯᠠᠭ ᠪᠠᠯᠭᠠᠰᠤ ᠪᠣᠯᠣᠨ ᠡᠯ ᠹᠧᠨ ᠽᠢ ᠰᠢᠶᠠᠩ ᠳᠤ ᠬᠦᠷᠴᠦ᠂ ᠨᠢᠭᠡ ᠡᠳᠦᠷ ᠢᠶᠠᠷ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
     ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠢᠶ᠋ᠧ ᠴᠢᠦᠢ ᠫᠢᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠭᠡᠷ ᠲᠡᠭᠡᠨ ᠤᠳᠤᠷᠢᠳᠴᠤ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠪᠠ ᠰᠢᠶᠠᠩ ᠪᠠᠯᠭᠠᠰᠤᠨ ᠤ ᠳᠠᠷᠤᠭ᠎ᠠ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠳᠤ ᠣᠷᠣᠯᠴᠠᠪᠠ᠃      ᠨᠢᠭᠡ ᠡᠳᠦᠷ ᠤᠨ ᠬᠤᠭᠤᠴᠠᠭᠠᠨ ᠳᠤ᠂ ᠲᠣᠭᠤᠷᠢᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠪᠠᠷᠠᠭᠤᠨ ᠤᠯᠠᠭᠠᠨᠪᠤᠯᠠᠭ ᠪᠠᠯᠭᠠᠰᠤ ᠪᠣᠯᠣᠨ ᠡᠯ ᠹᠧᠨ ᠽᠢ ᠰᠢᠶᠠᠩ ᠤᠨ ᠡᠯ᠎ᠡ ᠲᠣᠭᠤᠷᠢᠨ ᠦᠵᠡᠬᠦ ᠭᠠᠵᠠᠷ ᠲᠤ ᠬᠦᠷᠴᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠲᠠᠯᠠᠪᠤᠷ ᠲᠤ ᠰᠠᠨᠠᠯ ᠢᠶᠠᠨ ᠰᠣᠯᠢᠯᠴᠠᠬᠤ ᠠᠷᠭ᠎ᠠ ᠪᠠᠷ ᠳᠠᠮᠵᠢᠭᠤᠯᠤᠨ ᠨᠣᠶᠢᠯ ᠪᠤᠭᠤᠳᠠᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ᠂ ᠵᠧᠩ ᠳ᠋ᠡ ᠭᠠᠭ᠋ᠠᠢ ᠲᠡᠵᠢᠭᠡᠨ ᠦᠷᠡᠵᠢᠭᠦᠯᠬᠦ ᠲᠠᠯᠠᠪᠠᠢ᠂ ᠶᠤᠸᠠᠨ ᠵᠢᠩ ᠺᠣᠮᠫᠠᠨᠢ ᠶᠢᠨ ᠦᠴᠦᠸᠠᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠤᠷᠢᠳᠠᠪᠠᠷ ᠵᠢᠱᠢᠶ᠎ᠡ ᠦᠵᠡᠭᠦᠯᠬᠦ ᠰᠠᠯᠬᠢᠨ ᠤ ᠨᠥᠭᠡᠴᠡᠯᠡᠯᠲᠡ ᠶᠢᠨ ᠰᠠᠭᠤᠷᠢᠨ ᠭᠠᠵᠠᠷ᠂ ᠵᠢᠶᠦ᠋ᠨ ᠳ᠋ᠡ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ 11 ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃      ᠲᠣᠰ ᠤᠳᠠᠭᠠᠨ ᠤ ᠲᠣᠭᠤᠷᠢᠨ ᠦᠵᠡᠬᠦ ᠲᠥᠷᠥᠯ ᠵᠦᠢᠯ ᠨᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠴᠡᠭᠴᠡᠯᠡᠨ ᠵᠠᠰᠠᠯᠲᠠ᠂ ᠨᠠᠮ ᠤᠨ ᠪᠠᠶᠢᠭᠤᠯᠤᠯᠲᠠ ᠶᠢᠨ ᠠᠵᠢᠯ᠂ ᠲᠠᠷᠢᠶᠠᠯᠠᠩ ᠤᠨ ᠦᠢᠯᠡᠳᠪᠦᠷᠢᠯᠡᠯ᠂ ᠣᠨᠴᠠᠯᠢᠭᠲᠤ ᠡᠭᠦᠯᠳᠡᠷ ᠤᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠬᠤᠯᠪᠣᠭᠳᠠᠵᠤ᠂ ᠮᠠᠨ ᠤ ᠰᠢᠶᠠᠨ ᠤ ᠠᠵᠤ ᠦᠢᠯᠡᠰ ᠢ ᠠᠳᠬᠤᠬᠤ᠂ ᠲᠥᠷᠥᠯ ᠵᠦᠢᠯ ᠢ ᠠᠳᠬᠤᠬᠤ ᠢᠳᠡᠪᠬᠢᠲᠡᠢ ᠦᠷ᠎ᠡ ᠪᠦᠲᠦᠮᠵᠢ ᠶᠢ ᠲᠥᠪᠯᠡᠷᠡᠩᠭᠦᠢ ᠬᠠᠷᠠᠭᠤᠯᠤᠭᠰᠠᠨ ᠪᠠᠶᠢᠨ᠎ᠠ᠃ ᠲᠣᠭᠤᠷᠢᠨ ᠦᠵᠡᠬᠦ ᠶᠠᠪᠤᠴᠠ ᠳᠤ᠂ ᠬᠤᠷᠠᠯ ᠳᠤ ᠣᠷᠣᠯᠴᠠᠭᠰᠠᠳ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠵᠥᠪᠯᠡᠵᠦ᠂ ᠲᠤᠷᠰᠢᠯᠭ᠎ᠠ ᠪᠠᠨ ᠰᠣᠯᠢᠯᠴᠠᠵᠤ᠂ ᠬᠠᠷᠢᠯᠴᠠᠨ ᠲᠣᠯᠢ ᠪᠣᠯᠭᠠᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠬᠤ ᠢᠲᠡᠭᠡᠯ ᠵᠣᠷᠢᠭ ᠢ ᠤᠯᠠᠮ ᠴᠢᠩᠭᠠᠳᠬᠠᠵᠤ᠂ ᠬᠠᠷᠢᠯᠴᠠᠨ ᠠᠬᠢᠭᠤᠯᠬᠤ᠂ ᠬᠠᠮᠲᠤᠪᠠᠷ ᠲᠠᠪᠰᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃      ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠰᠢᠶᠠᠨ ᠤ ᠤᠳᠤᠷᠢᠳᠤᠯᠭ᠎ᠠ ᠶᠠᠩ ᠰᠢᠩ ᠱᠧᠩ᠂ ᠰᠢᠶ᠋ᠧ ᠴᠢᠦᠢ ᠫᠢᠩ᠂ ᠶᠠᠨ ᠶᠦᠩ ᠨᠠᠷ ᠲᠤᠰ ᠲᠤᠰ ᠦᠨᠡᠯᠡᠯᠲᠡ ᠬᠢᠵᠡᠢ᠃      ᠦᠨᠡᠯᠡᠯᠲᠡ ᠳᠤ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠤᠳ ᠲᠤ᠂ ᠪᠠᠷᠠᠭᠤᠨ ᠤᠯᠠᠭᠠᠨᠪᠤᠯᠠᠭ ᠪᠠᠯᠭᠠᠰᠤ ᠪᠠ ᠡᠯ ᠹᠧᠨ ᠽᠢ ᠰᠢᠶᠠᠩ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ᠂ ᠲᠣᠰ ᠪᠡᠶ᠎ᠡ ᠶᠢᠨ ᠳᠠᠪᠠᠭᠤᠯᠢᠭ ᠢᠶᠠᠨ ᠠᠰᠢᠭᠯᠠᠨ ︽ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠢᠴᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠠ ᠴᠡᠪᠡᠷ ᠡᠨᠧᠷᠭᠢ ᠶᠢᠨ ᠠᠰᠢᠭᠯᠠᠯᠲᠠ ᠵᠡᠷᠭᠡ ᠲᠠᠯ᠎ᠠ ᠪᠠᠷ ᠴᠥᠮ ᠲᠣᠪᠣᠶᠢᠮ᠎ᠠ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠠᠰᠢᠭᠯᠠᠨ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠵᠦ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃      ᠦᠨᠡᠯᠡᠯᠲᠡ ᠳᠤ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠲᠣᠬᠢᠶᠠᠯ ᠢ ᠣᠨᠣᠪᠴᠢᠲᠠᠢ ᠣᠯᠵᠤ ᠬᠠᠷᠠᠵᠤ᠂ ᠠᠵᠠ ᠲᠣᠬᠢᠶᠠᠯ ᠢ ᠠᠮᠵᠢᠵᠤ᠂ ᠶᠡᠷᠦᠩᠬᠡᠶᠢᠯᠡᠨ ᠪᠠᠶᠢᠷᠢᠰᠢᠭᠤᠯᠵᠤ᠂ ᠡᠯ᠎ᠡ ᠲᠦᠷᠦᠯ ᠵᠦᠢᠯ ᠢ ᠲᠤᠰ ᠰᠢᠶᠠᠩ ᠪᠠᠯᠭᠠᠰᠤᠨ ᠳᠤ ᠨᠠᠶᠢᠳᠠᠪᠤᠷᠢᠵᠢᠭᠤᠯᠬᠤ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠷᠢᠨ ᠬᠢᠨᠠᠮᠠᠭᠠᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠤᠷᠢᠨ ᠦᠵᠡᠵᠦ ᠢᠯᠡᠭᠦᠦ ᠦᠵᠡᠵᠦ ᠢᠯᠡᠭᠦᠦ ᠰᠤᠷᠤᠯᠴᠠᠵᠤ ᠢᠯᠡᠭᠦᠦ ᠬᠤᠷᠠᠮᠳᠤᠭᠤᠯᠬᠤ ᠪᠠᠷ ᠳᠠᠮᠵᠢᠭᠤᠯᠵᠤ᠂ ᠬᠠᠷᠢᠯᠴᠠᠨ ᠲᠣᠯᠢ ᠪᠣᠯᠭᠠᠵᠤ᠂ ᠰᠠᠶᠢᠨ ᠲᠠᠢ ᠲᠠᠯ᠎ᠠ ᠶᠢ ᠨᠢ ᠠᠪᠴᠤ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠰᠡᠳᠬᠢᠴᠡ ᠪᠠᠨ ᠢᠳᠡᠪᠬᠢᠲᠡᠢ ᠥᠷᠭᠡᠳᠬᠡᠵᠦ᠂ ᠰᠢᠨ᠎ᠡ ᠶᠢ ᠡᠭᠦᠳᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号