ᠦᠴᠦᠸᠠᠨ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠳᠡᠯᠭᠡᠷᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 5  ᠤ ᠡᠳᠦᠷ᠂ ᠪᠦᠬᠦ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠳᠡᠯᠭᠡᠷᠡᠭᠦᠯᠬᠦ ᠬᠤᠷᠠᠯ ᠬᠤᠭᠤᠯᠠᠢ ᠠᠭᠤᠯᠠ ᠰᠢᠶᠠᠩ ᠳᠤ ᠬᠤᠷᠠᠯᠳᠤᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠬᠠᠷᠢᠭᠤᠴᠠᠯᠭᠠᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠫᠷᠤᠹᠧᠰᠰᠤᠷ᠂ ᠡᠯ᠎ᠡ ᠰᠢᠶᠠᠩ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠲᠣᠮᠣ ᠡᠷᠦᠬᠡ ᠶᠢᠨ ᠲᠥᠯᠥᠭᠡᠯᠡᠭᠴᠢ ᠤᠷᠢᠳ ᠬᠤᠵᠢᠳ ᠬᠤᠭᠤᠯᠠᠢ ᠠᠭᠤᠯᠠ ᠰᠢᠶᠠᠩ ᠤᠨ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠰᠠᠭᠤᠷᠢᠨ ᠭᠠᠵᠠᠷ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
     ᠲᠠᠷᠠᠭ᠎ᠠ ᠪᠠᠷ ᠨᠢ ᠬᠤᠷᠠᠯᠳᠤᠭᠰᠠᠨ ᠦᠴᠦᠸᠠᠨ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠲᠠᠷᠢᠬᠤ ᠮᠡᠷᠭᠡᠵᠢᠯ ᠢ ᠳᠡᠯᠭᠡᠷᠡᠭᠦᠯᠬᠦ ᠬᠤᠷᠠᠯ ᠳᠡᠭᠡᠷ᠎ᠡ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠮᠠᠨ ᠤ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ ᠪᠣᠯᠣᠨ ᠣᠷᠣᠰᠢᠵᠤ ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠢ ᠬᠥᠭᠵᠢᠭᠦᠯᠵᠦ ᠪᠠᠶᠢᠭ᠎ᠠ ᠪᠠᠶᠢᠳᠠᠯ ᠢ ᠵᠠᠳᠠᠯᠪᠠ︔ ᠠᠵᠤ ᠠᠬᠤᠶᠢᠯᠠᠯ ᠤᠨ ᠲᠥᠯᠥᠭᠡᠯᠡᠭᠴᠢ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠭᠰᠠᠨ ᠲᠤᠷᠰᠢᠯᠭ᠎ᠠ ᠪᠠ ᠰᠢᠯᠦᠬᠡᠢ ᠨᠣᠭᠤᠭ᠎ᠠ᠂ ᠴᠡᠴᠡᠭᠲᠦ ᠨᠣᠭᠤᠭ᠎ᠠ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠬᠤᠪᠢᠶᠠᠯᠴᠠᠪᠠ︔ ᠲᠤᠰᠬᠠᠢ ᠮᠡᠷᠭᠡᠵᠢᠯᠲᠡᠨ ᠫᠷᠤᠹᠧᠰᠰᠤᠷ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠮᠡᠷᠭᠡᠵᠢᠯ ᠤᠨ ᠲᠣᠭᠤᠷᠢᠨ ᠳᠤ ᠮᠠᠰᠢ ᠰᠠᠶᠢᠨ ᠳᠡᠯᠭᠡᠷᠡᠭᠦᠯᠵᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠦᠴᠦᠸᠠᠨ ᠰᠢᠶᠠᠨ ᠬᠦᠢᠲᠡᠨ ᠰᠡᠷᠢᠭᠦᠨ ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠣᠯᠠᠨ ᠠᠴᠠ ᠣᠨᠴᠠᠭᠠᠶ᠂ ᠠᠳᠠᠯᠢᠳᠬᠠᠰᠢ ᠦᠭᠡᠢ ᠡᠬᠢ ᠪᠠᠶᠠᠯᠢᠭ ᠤᠨ ᠳᠠᠪᠠᠭᠤᠯᠢᠭ ᠪᠠ ᠪᠠᠶᠢᠭᠠᠯᠢ ᠶᠢᠨ ᠳᠠᠪᠠᠭᠤᠯᠢᠭ ᠲᠠᠢ ᠶᠤᠮ᠂ ᠨᠢᠭᠡ ᠲᠠᠯ᠎ᠠ ᠪᠠᠷ ᠠᠭᠤᠷ ᠠᠮᠢᠰᠬᠤᠯ ᠬᠦᠢᠲᠡᠨ ᠰᠡᠷᠢᠭᠦᠨ᠂ ᠬᠡᠷᠡᠯ ᠤᠨ ᠲᠤᠰᠤᠯᠲᠠ ᠭᠦᠢᠴᠡᠳ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ᠂ ᠲᠡᠯᠡᠶ ᠶᠢᠨ ᠲᠦᠪᠰᠢᠨ ᠠᠴᠠ ᠥᠨᠳᠥᠷ ᠵᠡᠷᠭᠡ ᠥᠪᠡᠷᠮᠢᠴᠡ ᠣᠨᠴᠠᠯᠢᠭ ᠲᠠᠢ ᠬᠦᠢᠲᠡᠨ ᠰᠡᠷᠢᠭᠦᠨ ᠡᠬᠢ ᠪᠠᠶᠠᠯᠢᠭ ᠤᠨ ᠳᠠᠪᠠᠭᠤᠯᠢᠭ ᠲᠠᠢ ᠪᠠᠶᠢᠬᠤ ᠪᠠᠷ ᠪᠠᠷᠠᠬᠤ ᠦᠭᠡᠢ ᠳᠡᠭᠡᠷ᠎ᠡ ᠨᠢ ᠤᠮᠠᠷᠠᠲᠤ ᠣᠷᠣᠨ ᠤ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠪᠦᠰᠡ ᠳᠤ ᠣᠷᠣᠰᠢᠵᠤ᠂ ᠪᠣᠬᠢᠷᠲᠤᠯ ᠦᠭᠡᠢ᠂ ᠡᠪᠡᠳᠴᠢᠨ ᠬᠤᠷᠣᠬᠠᠢ ᠶᠢᠨ ᠭᠠᠮᠰᠢᠭ ᠡᠭᠦᠰᠬᠦ ᠲᠣᠬᠢᠶᠠᠯᠳᠤᠮᠵᠢ ᠬᠠᠷᠢᠴᠠᠩᠭᠤᠢ ᠪᠠᠭ᠎ᠠ ᠪᠠᠶᠢᠵᠤ᠂ ᠪᠣᠬᠢᠷᠲᠤᠯ ᠦᠭᠡᠢ᠂ ᠣᠷᠭᠠᠨᠢᠭ ᠬᠥᠭᠵᠢᠯᠲᠡ ᠶᠢᠨ ᠪᠠᠶᠢᠭᠠᠯᠢ ᠶᠢᠨ ᠨᠥᠬᠦᠴᠡᠯ ᠲᠠᠢ ᠪᠠᠶᠢᠳᠠᠭ᠃ ᠨᠥᠭᠦᠭᠡ ᠲᠠᠯ᠎ᠠ ᠪᠠᠷ᠂ ᠣᠨᠴᠠ ᠲᠣᠭᠲᠠᠭᠰᠠᠨ ᠠᠭᠤᠷ ᠠᠮᠢᠰᠬᠤᠯ ᠨᠢ ᠶᠡᠷᠦ ᠪᠤᠰᠤ ᠶᠢᠨ ᠴᠢᠨᠠᠷ ᠴᠢᠨᠰᠠᠭ᠎ᠠ ᠶᠢ ᠪᠣᠶ ᠪᠣᠯᠭᠠᠵᠤ᠂ ᠦᠴᠦᠸᠠᠨ ᠰᠢᠶᠠᠨ ᠳᠤ ᠳᠠᠷᠢᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠨᠢ ᠥᠪᠡᠷᠮᠢᠴᠡ ᠠᠭᠤᠷ ᠠᠮᠢᠰᠬᠤᠯ ᠤᠨ ᠣᠷᠴᠢᠨ ᠳᠤ ᠤᠷᠭᠤᠳᠠᠭ ᠪᠣᠯᠬᠤᠷ ᠬᠢᠨᠠᠨ ᠲᠣᠭᠲᠠᠭᠠᠯᠲᠠ ᠪᠠᠷ ᠳᠡᠮᠵᠢᠨ᠂ ᠪᠤᠰᠤᠳ ᠭᠠᠵᠠᠷ ᠣᠷᠣᠨ ᠤ ᠢᠳᠡᠰᠢᠨ ᠨᠣᠭᠤᠭ᠎ᠠ ᠲᠠᠢ ᠠᠳᠠᠯᠢᠳᠬᠠᠪᠠᠯ᠂ ᠬᠠᠭᠤᠷᠠᠢ ᠪᠣᠳᠠᠰ ᠤᠨ ᠠᠭᠤᠯᠤᠭᠳᠠᠴᠠ ᠨᠢ ᠥᠨᠳᠥᠷ ᠮᠥᠷᠲᠡᠭᠡᠨ ᠠᠮᠲᠠ ᠨᠢ ᠰᠠᠶᠢᠨ ᠪᠠᠶᠢᠵᠤ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠳᠠᠭ᠃      ᠬᠤᠷᠠᠯ ᠠᠴᠠ ᠴᠢᠬᠤᠯᠠᠴᠢᠯᠠᠭᠰᠠᠨ ᠨᠢ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠬᠥᠭᠵᠢᠯᠲᠡ ᠶᠢᠨ ᠰᠡᠳᠬᠢᠴᠡ ᠶᠢ ᠪᠠᠲᠤ ᠡᠵᠡᠮᠳᠡᠬᠦ ᠬᠡᠷᠡᠭᠲᠡᠢ᠃ ᠮᠠᠨ ᠤ ᠰᠢᠶᠠᠨ ᠤ ᠬᠦᠢᠲᠡᠨ ᠰᠡᠷᠢᠭᠦᠨ ᠢᠳᠡᠰᠢᠨ ᠨᠣᠭᠤᠭᠠᠨ ᠤ ᠠᠵᠤ ᠦᠢᠯᠡᠰ ᠤᠨ ᠬᠥᠭᠵᠢᠯᠲᠡ ᠶᠢᠨ ᠥᠪᠡᠷᠮᠢᠴᠡ ᠳᠠᠪᠠᠭᠤᠯᠢᠭ ᠲᠤ ᠰᠠᠭᠤᠷᠢᠯᠠᠵᠤ᠂ ᠤᠮᠠᠷᠠᠲᠤ ᠣᠷᠣᠨ ᠤ ᠬᠠᠮᠤᠭ ᠤᠨ ᠲᠣᠮᠣ ᠬᠦᠢᠲᠡᠨ ᠰᠡᠷᠢᠭᠦᠨ ᠢᠳᠡᠰᠢᠨ ᠨᠣᠭᠤᠭ᠎ᠠ ᠳᠠᠷᠢᠬᠤ ᠰᠠᠭᠤᠷᠢᠨ ᠭᠠᠵᠠᠷ ᠢ ᠪᠠᠶᠢᠭᠤᠯᠬᠤ ︽ᠨᠢᠭᠡ ᠬᠠᠷᠠᠯᠲᠠ︾  ᠶᠢᠨ ᠱᠠᠭᠠᠷᠳᠠᠯᠭ᠎ᠠ ᠶᠣᠰᠣᠭᠠᠷ᠂ ᠬᠥᠬᠡ ᠡᠷᠭᠢ ᠪᠠᠯᠭᠠᠰᠤ᠂ ᠬᠤᠭᠤᠯᠠᠢ ᠠᠭᠤᠯᠠ ᠰᠢᠶᠠᠨᠩ ᠤᠨ ︽ᠬᠤᠶᠠᠷ ᠲᠣᠮᠣ ᠠᠴᠢᠶᠠᠯᠠᠪᠤᠷᠢ︾ ᠳᠤ ᠲᠦᠰᠢᠭᠯᠡᠨ᠂ ᠲᠤᠭ᠎ᠠ ᠬᠡᠮᠵᠢᠶ᠎ᠡ ᠶᠢ ᠲᠣᠭᠲᠠᠪᠤᠷᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ︽ᠭᠤᠷᠪᠠᠨ ᠶᠡᠭᠡ ᠱᠠᠭᠠᠷᠳᠠᠯᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠢ ᠰᠢᠯᠢᠳᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠡᠮᠳᠡᠭ ᠢ ᠡᠭᠦᠳᠬᠦ ᠪᠠ ᠬᠡᠪᠴᠢᠶᠡᠵᠢᠭᠦᠯᠦᠨ ᠦᠢᠯᠡᠳᠪᠦᠷᠢᠯᠡᠬᠦ ︽ᠳᠥᠷᠪᠡᠨ ᠶᠡᠭᠡ ᠡᠭᠦᠷᠭᠡ︾ ᠶᠢᠨ ᠲᠣᠭᠤᠷᠢᠨ ᠳᠤ᠂ ᠪᠣᠬᠢᠷᠲᠤᠯ ᠦᠭᠡᠢ ᠬᠥᠭᠵᠢᠯᠲᠡ ᠶᠢᠨ ᠠᠷᠭ᠎ᠠ ᠬᠡᠯᠪᠡᠷᠢ ᠰᠠᠶᠢᠨ᠂ ᠦᠢᠯᠡᠳᠬᠦᠨ ᠤ ᠶᠠᠰᠤ ᠴᠢᠨᠠᠷ ᠰᠠᠶᠢᠨ᠂ ᠦᠢᠯᠡᠳᠪᠦᠷᠢᠯᠡᠯ ᠤᠨ ᠦᠷ᠎ᠡ ᠠᠰᠢᠭ ᠥᠨᠳᠥᠷ᠂ ᠡᠵᠡᠩᠨᠡᠯᠲᠡ ᠶᠢᠨ ᠬᠢᠷᠢ ᠲᠦᠪᠰᠢᠨ ᠥᠨᠳᠥᠷ᠂ ᠠᠵᠤ ᠦᠢᠯᠡᠰ ᠤᠨ ᠦᠷ᠎ᠡ ᠠᠰᠢᠭ ᠥᠨᠳᠥᠷ ︽ᠲᠠᠪᠤᠨ ᠶᠡᠭᠡ ᠪᠠᠶᠢᠷᠢᠰᠢᠯ︾ ᠤᠨ ᠬᠥᠭᠵᠢᠯᠲᠡ ᠶᠢᠨ ᠰᠡᠳᠬᠢᠴᠡ ᠶᠢ ᠪᠤᠶ ᠪᠣᠯᠭᠠᠵᠤ᠂ ᠰᠢᠯᠦᠬᠡᠢ ᠨᠣᠭᠤᠭ᠎ᠠ᠂ ᠴᠡᠴᠡᠭᠲᠦ ᠨᠣᠭᠤᠭ᠎ᠠ᠂ ᠪᠥᠭᠡᠷᠡᠩᠬᠡᠢ ᠰᠣᠩᠭᠢᠨ᠎ᠠ᠂ ᠦᠨᠦᠷᠲᠦ ᠨᠣᠭᠤᠭ᠎ᠠ ᠪᠠ ᠪᠠᠯᠴᠢᠷ ᠴᠠᠭᠠᠨ ᠨᠣᠭᠤᠭ᠎ᠠ ᠵᠡᠷᠭᠡ ᠠᠵᠤ ᠦᠢᠯᠡᠰ ᠤᠨ ᠲᠣᠭᠤᠷᠢᠨ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠪᠣᠬᠢᠷᠲᠤᠯ ᠦᠭᠡᠢ ᠣᠷᠭᠠᠨᠢᠭ ᠢᠶᠠᠷ ᠭᠤᠣᠯ ᠱᠤᠭᠤᠮ ᠪᠣᠯᠭᠠᠵᠤ᠂ ᠨᠢᠭᠡ ᠪᠦᠯᠦᠭ ᠪᠣᠬᠢᠷᠲᠤᠯ ᠦᠭᠡᠢ ᠣᠷᠭᠠᠨᠢᠭ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠤᠭᠤᠴᠠᠭ᠎ᠠ ᠪᠦᠯᠦᠭ ᠬᠤᠪᠢᠶᠠᠨ ᠪᠦᠲᠦᠭᠡᠨ ᠪᠠᠶᠢᠭᠤᠯᠵᠤ᠂ ᠳᠠᠷᠢᠬᠤ ᠲᠠᠯᠠᠪᠠᠶ ᠶᠢ ᠡᠮᠬᠢ ᠵᠢᠷᠤᠮ ᠲᠠᠢ ᠥᠷᠭᠡᠳᠬᠡᠨ᠂ ᠦᠢᠯᠡᠳᠪᠦᠷᠢᠯᠡᠯ ᠢ ᠣᠷᠣᠨ ᠪᠦᠰᠡᠵᠢᠭᠦᠯᠬᠦ᠂ ᠪᠣᠬᠢᠷᠲᠤᠯ ᠦᠭᠡᠢ ᠪᠣᠯᠭᠠᠬᠤ᠂ ᠣᠷᠭᠠᠨᠢᠭᠵᠢᠭᠤᠯᠬᠤ᠂ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠪᠥᠬᠦ ᠬᠤᠲᠠ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠵᠢᠱᠢᠶ᠎ᠡ ᠦᠵᠡᠭᠦᠯᠬᠦ ᠲᠠᠷᠢᠮᠠᠯ ᠤᠨ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠡᠭᠦᠨ ᠤ ᠬᠠᠮᠲᠤ᠂ ᠲᠠᠷᠢᠮᠠᠯ ᠤᠨ ᠲᠠᠯᠠᠪᠠᠶ᠂ ᠦᠢᠯᠡᠳᠬᠦᠨ ᠤ ᠶᠠᠰᠤ ᠴᠢᠨᠠᠷ᠂ ᠦᠢᠯᠡᠳᠬᠦᠨ ᠤ ᠭᠠᠷᠤᠯᠲᠠ᠂ ᠡᠵᠡᠩᠨᠡᠯᠲᠡ ᠶᠢᠨ ᠭᠤᠣᠯ ᠴᠣᠭᠴᠠ᠂ ᠨᠡᠷᠡᠲᠦ ᠲᠡᠮᠳᠡᠭ ᠤᠨ ᠡᠬᠢ ᠪᠠᠶᠠᠯᠢᠭ᠂ ᠪᠠᠷᠢᠮᠵᠢᠶ᠎ᠠ ᠶᠢᠨ ᠰᠢᠰᠲ᠋ᠧᠮ᠂ ᠪᠠᠷᠠᠭᠠᠨ ᠤ ᠭᠦᠢᠯᠭᠡᠭᠡᠨ ᠤ ᠰᠢᠰᠲ᠋ᠧᠮ᠂ ᠬᠠᠳᠠᠭᠠᠯᠠᠬᠤ ᠴᠢᠳᠠᠪᠤᠷᠢ ᠶᠢᠨ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠡᠭᠦᠨ ᠤ ᠬᠠᠮᠲᠤ ᠬᠥᠬᠡ ᠡᠷᠭᠢ ᠪᠠᠯᠭᠠᠰᠤᠨ ᠤ ᠹᠦ᠋ ᠷᠦ᠋ ᠳ᠋ᠦᠩ ᠤᠨ ᠴᠢᠬᠢ ᠪᠣᠶᠢᠵᠢᠭᠤᠯᠬᠤ ᠰᠠᠭᠤᠷᠢᠨ ᠭᠠᠵᠠᠷ ᠪᠣᠯᠣᠨ ᠬᠤᠭᠤᠯᠠᠢ ᠠᠭᠤᠯᠠ ᠰᠢᠶᠠᠩ ᠤᠨ ᠲᠤᠷᠰᠢᠯᠲᠠ ᠶᠢᠨ ᠲᠠᠷᠢᠮᠠᠯ ᠤᠨ ᠰᠠᠭᠤᠷᠢᠨ ᠭᠠᠵᠠᠷ ᠤᠨ ᠨᠥᠯᠥᠭᠡᠯᠡᠯ ᠳᠤ ᠲᠦᠰᠢᠭᠯᠡᠨ᠂ ᠰᠢᠯᠦᠬᠡᠢ ᠨᠣᠭᠤᠭ᠎ᠠ᠂ ᠴᠡᠴᠡᠭᠲᠦ ᠨᠣᠭᠤᠭ᠎ᠠ᠂ ᠪᠥᠭᠡᠷᠡᠩᠬᠡᠢ ᠰᠣᠩᠭᠢᠨ᠎ᠠ᠂ ᠦᠨᠦᠷᠲᠦ ᠨᠣᠭᠤᠭ᠎ᠠ ᠪᠠ ᠪᠠᠯᠴᠢᠷ ᠴᠠᠭᠠᠨ ᠨᠣᠭᠤᠭ᠎ᠠ ᠵᠡᠷᠭᠡ ᠭᠤᠣᠯ ᠪᠣᠯᠬᠤ ᠠᠵᠤ ᠦᠢᠯᠡᠰ ᠤᠨ ᠲᠣᠭᠤᠷᠢᠨ ᠳᠤ᠂ ᠠᠵᠤ ᠦᠢᠯᠡᠰ ᠤᠨ ᠪᠠᠶᠢᠷᠢᠰᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠳᠠᠷᠢᠬᠤ ᠲᠠᠯᠠᠪᠠᠶ ᠶᠢ ᠦᠷᠭᠦᠯᠵᠢᠯᠡᠨ ᠥᠷᠭᠡᠳᠬᠡᠵᠦ᠂  ᠬᠠᠷ᠎ᠠ ᠬᠤᠰᠢᠭᠤ ᠰᠢᠶᠠᠩ᠂ ᠪᠠᠷᠠᠭᠤᠨ ᠤᠯᠠᠭᠠᠨᠪᠤᠯᠠᠭ ᠪᠠᠯᠭᠠᠰᠤ᠂ ᠳᠡᠭᠡᠷ᠎ᠡ ᠲᠤᠨᠬᠤᠢ ᠰᠢᠶᠠᠩ᠂ ᠬᠠᠷᠠᠭᠤᠯ ᠪᠠᠯᠭᠠᠰᠤ ᠶᠢ ᠬᠥᠲᠥᠯᠥᠨ ᠳᠠᠭᠠᠭᠤᠯᠵᠤ ᠵᠡᠷᠭᠡᠪᠡᠷ ᠬᠥᠭᠵᠢᠭᠦᠯᠵᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠢᠳᠡᠭ ᠢᠳᠡᠭ ᠢᠶᠠᠷ ᠬᠠᠯᠠᠭᠤᠨ ᠠᠵᠤ ᠦᠢᠯᠡᠰ ᠪᠣᠯᠭᠠᠨ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠡᠰᠡᠭᠯᠡᠨ ᠬᠡᠪᠴᠢᠶᠡᠵᠢᠭᠦᠯᠦᠨ ᠳᠠᠷᠢᠬᠤ ᠶᠢ ᠠᠬᠢᠭᠤᠯᠵᠤ᠂ ᠦᠢᠯᠡᠳᠪᠦᠷᠢᠯᠡᠯ ᠲᠣᠭᠲᠠᠭᠤᠨ᠂ ᠶᠠᠰᠤ ᠴᠢᠨᠠᠷ ᠠᠮᠤᠷ ᠲᠦᠪᠰᠢᠨ᠂ ᠦᠢᠯᠡᠳᠪᠦᠷᠢᠯᠡᠯ ᠪᠣᠷᠤᠯᠠᠭᠤᠯᠭ᠎ᠠ ᠤᠷᠤᠭᠰᠢᠲᠠᠢ ᠣᠲᠣ ᠦᠶ᠎ᠡ ᠶᠢᠨ ᠢᠳᠡᠰᠢᠨ ᠨᠣᠭᠤᠭ᠎ᠠ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠲᠣᠮᠣ ᠰᠢᠶᠠᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号