ᠬᠤᠷᠢᠨ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠶᠡᠷᠦᠩᠬᠡᠢ ᠨᠠᠶᠢᠷᠠᠭᠤᠯᠤᠭᠴᠢ ᠶᠢᠨ ᠣᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/6
     ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ 10 ᠪᠦᠲᠦᠭᠡᠯ ᠦᠨᠡᠯᠡᠭᠳᠡᠪᠡ     9 ᠰᠠᠷ᠎ᠠ ᠶᠢᠨ 4 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠰᠣᠨᠢᠨ ᠤ ᠦᠢᠯᠡᠰ ᠤᠨ ᠨᠡᠶᠢᠭᠡᠮᠯᠢᠭ ᠠᠴᠠ ᠭᠤᠣᠯᠯᠠᠨ ᠡᠷᠭᠢᠯᠡᠵᠦ᠂ ᠲᠥᠪᠡᠳ ᠤᠨ ᠡᠳᠦᠷ ᠤᠨ ᠰᠣᠨᠢᠨ ᠤ ᠬᠤᠷᠢᠶ᠎ᠠ ᠠᠴᠠ ᠳᠠᠭᠠᠭᠠᠨ ᠡᠷᠭᠢᠯᠡᠭᠰᠡᠨ ᠬᠤᠷᠢᠨ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠶᠡᠷᠦᠩᠬᠡᠢ ᠨᠠᠶᠢᠷᠠᠭᠤᠯᠤᠭᠴᠢ ᠶᠢᠨ ᠣᠨ ᠤ ᠬᠤᠷᠠᠯ ᡀᠠᠰᠠ ᠳᠤ ᠶᠠᠪᠤᠭᠳᠠᠵᠤ᠂ ᠳᠤᠮᠳᠠᠳᠤ ᠤᠯᠤᠰ ᠤᠨ ᠰᠣᠨᠢᠨ ᠤ ᠦᠢᠯᠡᠰ ᠤᠨ ᠨᠡᠶᠢᠭᠡᠮᠯᠢᠭ᠂ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ᠂ ᠬᠡᠰᠡᠭ ᠲᠥᠪ ᠤᠨ ᠪᠠ ᠣᠷᠣᠨ ᠨᠤᠲᠤᠭ ᠤᠨ ᠨᠠᠮ ᠤᠨ ᠰᠣᠨᠢᠨ ᠤ ᠵᠠᠭᠤᠴᠢᠯᠠᠭᠤᠷ ᠤᠨ 80 ᠭᠠᠷᠤᠢ ᠬᠠᠷᠢᠭᠤᠴᠠᠯᠭᠠᠲᠠᠨ ᠪᠠ ᠬᠤᠯᠪᠣᠭᠳᠠᠯ ᠪᠦᠬᠦᠢ ᠲᠥᠯᠥᠭᠡᠯᠡᠭᠴᠢ ᠲᠣᠰ ᠬᠤᠭᠤᠴᠠᠭᠠᠨ ᠤ ᠣᠨ ᠤ ᠬᠤᠷᠠᠯ ᠳᠤ ᠣᠷᠣᠯᠴᠠᠪᠠ᠃     ᠲᠤᠰ ᠬᠤᠭᠤᠴᠠᠭᠠᠨ ᠤ ᠣᠨ ᠤ ᠬᠤᠷᠠᠯ ᠨᠢ ︽ᠲᠣᠭᠠᠴᠢᠯᠠᠭᠰᠠᠨ ᠤᠷ᠎ᠠ ᠴᠢᠳᠠᠪᠤᠷᠢ ᠪᠦᠬᠦᠢ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ︾ ᠢᠶᠠᠷ ᠭᠤᠣᠯ ᠰᠡᠳᠦᠪ ᠪᠤᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ  ᠶᠢᠨ ᠫᠢᠩ ᠤᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠠᠴᠢᠯᠠᠭᠰᠠᠨ ᠤᠷ᠎ᠠ ᠴᠢᠳᠠᠪᠤᠷᠢ ᠪᠦᠬᠦᠢ ᠰᠣᠨᠢᠨ ᠮᠡᠳᠡᠭᠡᠨ ᠤ ᠤᠬᠠᠭᠤᠯᠭ᠎ᠠ ᠶᠢᠨ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ᠲᠣᠭᠠᠴᠢᠯᠠᠭᠰᠠᠨ ᠤᠷ᠎ᠠ ᠴᠢᠳᠠᠪᠤᠷᠢ ᠪᠦᠬᠦᠢ ᠰᠣᠨᠢᠨ ᠮᠡᠳᠡᠭᠡᠨ ᠤ ᠤᠬᠠᠭᠤᠯᠭ᠎ᠠ ᠶᠢ ᠬᠠᠮᠲᠤ ᠪᠠᠷ ᠰᠦᠪᠡᠭᠴᠢᠯᠡᠵᠦ᠂ ᠨᠠᠮ ᠤᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠬᠠᠮᠲᠤ ᠪᠠᠷ ᠵᠥᠪᠯᠡᠵᠡᠢ᠃     ᠮᠤᠵᠢ ᠶᠢᠨ ᠱᠠᠲᠤᠨ ᠤ ᠨᠠᠮ ᠤᠨ ᠰᠣᠨᠢᠨ ᠤ ᠶᠡᠷᠦᠩᠬᠡᠢ ᠨᠠᠶᠢᠷᠠᠭᠤᠯᠤᠭᠴᠢ ᠶᠢᠨ ᠣᠨ ᠤ ᠬᠤᠷᠠᠯ ᠪᠣᠯ ᠰᠣᠨᠢᠨ ᠤ ᠠᠵᠢᠯ ᠲᠦᠷᠦᠯ ᠤᠨ ᠴᠢᠬᠤᠯᠠ ᠰᠣᠯᠢᠯᠴᠠᠭ᠎ᠠ᠂ ᠬᠠᠮᠲᠤᠷᠠᠯᠴᠠᠭ᠎ᠠ᠂ ᠰᠢᠨ᠎ᠡ ᠶᠢ ᠡᠭᠦᠳᠬᠦ ᠲᠠᠪᠴᠠᠩ ᠪᠣᠯᠣᠨ᠎ᠠ᠃ ᠬᠤᠷᠢᠨ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠶᠡᠷᠦᠩᠬᠡᠢ ᠨᠠᠶᠢᠷᠠᠭᠤᠯᠤᠭᠴᠢ ᠶᠢᠨ ᠣᠨ ᠤ ᠬᠤᠷᠠᠯ ᠤᠨ ᠭᠤᠣᠯ ᠵᠤᠷᠢᠯᠳᠠᠳᠤ ᠶᠠᠷᠢᠶᠠᠨ ᠤ ᠲᠠᠪᠴᠠᠩ ᠳᠡᠭᠡᠷ᠎ᠡ᠂ ᠪᠡᠭᠡᠵᠢᠩ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠰᠢᠨᠬᠤᠸᠠ ᠡᠳᠦᠷ ᠤᠨ ᠰᠣᠨᠢᠨ ᠤ ᠬᠤᠷᠢᠶ᠎ᠠ᠂ ᠰᠧᠴᠤᠸᠠᠨ ᠤ ᠡᠳᠦᠷ ᠤᠨ ᠰᠣᠨᠢᠨ ᠤ ᠦᠢᠯᠡᠰ ᠤᠨ ᠪᠦᠯᠦᠭᠯᠡᠯ᠂ ᠵᠧᠵᠢᠶᠠᠩ ᠤᠨ ᠡᠳᠦᠷ ᠤᠨ ᠰᠣᠨᠢᠨ ᠤ ᠦᠢᠯᠡᠰ ᠤᠨ ᠪᠦᠯᠦᠭᠯᠡᠯ᠂ ᠶᠠᠩᠴᠧᠩ ᠤᠨ ᠣᠷᠣᠢ ᠶᠢᠨ ᠰᠣᠨᠢᠨ ᠤ ᠦᠢᠯᠡᠰ ᠤᠨ ᠪᠦᠯᠦᠭᠯᠡᠯ᠂ ᠲᠥᠪᠡᠳ ᠤᠨ ᠡᠳᠦᠷ ᠤᠨ ᠰᠣᠨᠢᠨ ᠤ ᠬᠤᠷᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠣᠨ ᠤ ᠬᠤᠷᠠᠯ ᠤᠨ ᠬᠤᠭᠤᠴᠠᠭᠠᠨ ᠳᠤ᠂ ᠬᠤᠷᠢᠨ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠪᠦᠷᠢᠨ ᠵᠠᠭᠤᠴᠢᠯᠠᠭᠤᠷ ᠤᠨ ᠮᠡᠳᠡᠭᠡᠯᠡᠭᠰᠡᠨ ᠰᠢᠯᠢᠳᠡᠭ ᠵᠢᠱᠢᠶ᠎ᠡ ᠶᠢ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠮᠡᠳᠡᠭᠡᠨ ᠤ ᠲᠥᠷᠥᠯ᠂ ᠰᠢᠭᠦᠮᠵᠢ ᠶᠢᠨ ᠲᠥᠷᠥᠯ᠂ ᠠᠭᠤᠰᠤᠯᠴᠠᠯ ᠤᠨ ᠰᠢᠨ᠎ᠡ ᠶᠢ ᠡᠭᠦᠳᠦᠭᠰᠡᠨ ᠲᠥᠷᠥᠯ ᠵᠡᠷᠭᠡ 6 ᠶᠡᠭᠡ ᠲᠥᠷᠥᠯ ᠤᠨ ᠰᠢᠯᠭᠠᠷᠠᠭᠤᠯᠬᠤ ᠵᠦᠢᠯᠡᠰ ᠢ ᠲᠣᠬᠢᠷᠠᠭᠤᠯᠪᠠ᠃     ᠰᠢᠯᠭᠠᠷᠠᠭᠤᠯᠬᠤ ᠺᠣᠮᠢᠰ ᠤᠨ ᠰᠢᠯᠭᠠᠷᠠᠭᠤᠯᠤᠯᠲᠠ ᠪᠠᠷ ᠳᠡᠮᠵᠢᠨ᠂ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠮᠡᠳᠡᠭᠦᠯᠦᠨ ᠬᠦᠷᠭᠡᠭᠰᠡᠨ 257 ᠪᠦᠲᠦᠭᠡᠯ ᠬᠤᠷᠢᠨ ᠳᠣᠯᠣᠳᠤᠭᠠᠷ ᠬᠤᠭᠤᠴᠠᠭᠠᠨ ᠤ ᠪᠦᠭᠦ ᠤᠯᠤᠰ ᠤᠨ ᠮᠤᠵᠢ ᠶᠢᠨ ᠱᠠᠲᠤᠨ ᠤ ᠨᠠᠮ ᠤᠨ ᠰᠣᠨᠢᠨ ᠤ ᠬᠠᠮ ᠵᠠᠭᠤᠴᠢᠯᠠᠭᠤᠷ ᠤᠨ ᠮᠡᠳᠡᠭᠡᠯᠡᠯ ᠤᠨ ᠰᠢᠯᠢᠳᠡᠭ ᠵᠢᠱᠢᠶ᠎ᠡ ᠶᠢᠨ ᠢᠷᠠᠭᠤ ᠠᠯᠳᠠᠷ ᠢ ᠭᠦᠷᠳᠡᠪᠡ᠃ ᠡᠭᠦᠨ ᠳᠤ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠮᠡᠳᠡᠭᠦᠯᠦᠨ ᠬᠦᠷᠭᠡᠭᠰᠡᠨ 10 ᠪᠦᠲᠦᠭᠡᠯ ᠨᠢ ᠴᠥᠮ ᠵᠢᠭᠰᠠᠭᠠᠯᠲᠠ ᠳᠤ ᠣᠷᠣᠵᠤ᠂ 6 ᠶᠡᠭᠡ ᠲᠥᠷᠥᠯ ᠤᠨ ᠰᠢᠯᠭᠠᠷᠠᠭᠤᠯᠬᠤ ᠲᠥᠷᠥᠯ ᠵᠦᠢᠯ ᠢ ᠬᠠᠮᠤᠷᠴᠠᠢ᠃ ᠲᠣᠰ ᠲᠣᠰ ᠮᠡᠳᠡᠭᠡ ᠶᠢᠨ ᠲᠥᠷᠥᠯ ᠤᠨ ︽ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠪᠠᠶᠢᠭᠤᠯᠭ᠎ᠠ ᠬᠢᠲᠤᠭᠠᠨ ᠤ ᠢᠷ ᠢ ᠳᠣᠲᠣᠭᠰᠢ ᠬᠠᠨᠳᠤᠭᠤᠯᠤᠨ ᠲᠤᠶᠢᠯᠪᠤᠷᠢᠲᠠᠢ ᠪᠠᠶᠢᠴᠠᠭᠠᠬᠤ ᠠᠵᠢᠯ ᠢ ᠳᠠᠭᠠᠭᠤᠯᠤᠨ ᠬᠢᠪᠡ︾; ᠰᠣᠨᠢᠨ ᠮᠡᠳᠡᠭᠡᠨ ᠤ ᠭᠡᠷᠡᠯ ᠵᠢᠷᠤᠭ ᠤᠨ ᠲᠥᠷᠥᠯ ᠤᠨ ︽ᠵᠢᠯᠣᠭᠤᠴᠢ ᠦᠭᠡᠢ ᠨᠢᠰᠬᠡᠯ ᠲᠠᠷᠢᠶᠠᠯᠠᠩ ᠤᠨ ᠰᠢᠨ᠎ᠡ ᠪᠠᠭᠠᠵᠢ ᠪᠣᠯᠪᠠ︾ ᠬᠡᠪᠯᠡᠯ ᠤᠨ ᠨᠢᠭᠤᠷ ᠤᠨ ᠲᠥᠷᠥᠯ ᠤᠨ 2022 ᠣᠨ ᠤ 9 ᠰᠠᠷ᠎ᠠ ᠶᠢᠨ 9 ᠤ ᠡᠳᠦᠷ ᠤᠨ ᠥᠪᠥᠷ ᠮᠣᠩᠭᠤᠯ ᠤᠨ ᠡᠳᠦᠷ ᠤᠨ ᠰᠣᠨᠢᠨ ︵ᠮᠣᠩᠭᠤᠯ ᠬᠡᠪᠯᠡᠯ︶ ᠤ 5 ᠳ᠋ᠤᠭᠠᠷ ᠨᠢᠭᠤᠷ; ᠮᠡᠳᠡᠭᠡᠯᠡᠯ ᠤᠨ ᠲᠦᠷᠦᠯ ᠤᠨ︽ᠥᠪᠥᠷ ᠮᠣᠩᠭᠤᠯ ᠠᠴᠠ ᠱᠠᠩᠬᠠᠢ ᠬᠦᠷᠬᠦ ᠬᠤᠷᠢᠨ ᠲᠠᠪᠤᠨ ᠴᠠᠭ ᠤᠨ ᠠᠮᠢ ᠨᠠᠰᠤᠨ ᠤ ᠪᠤᠤᠬᠢᠶ᠎ᠠ︾; ᠰᠢᠭᠦᠮᠵᠢ ᠶᠢᠨ ᠳᠦᠷᠦᠯ ᠤᠨ ︽ᠥᠪᠥᠷ ᠮᠣᠩᠭᠤᠯ ᠤᠨ ᠳᠦᠷᠢ ᠲᠥᠷᠬᠦ ᠶᠢ ᠱᠤᠭᠤᠶ᠎ᠠ︾ ᠭᠡᠬᠦ ᠰᠢᠷᠢᠰ ᠨᠡᠷ᠎ᠡ ᠬᠠᠲᠠᠭᠰᠠᠨ ᠰᠢᠭᠦᠮᠵᠢ; ᠰᠢᠨ᠎ᠡ ᠶᠢ ᠡᠭᠦᠳᠦᠭᠰᠡᠨ ᠲᠥᠷᠥᠯ ᠤᠨ ︽ᠤᠮᠠᠷᠠᠲᠤ ᠬᠢᠵᠠᠭᠠᠷ ᠲᠤ ᠤᠷᠤᠭᠰᠢᠯᠠᠯᠲᠠ ᠶᠢᠨ ᠳᠠᠷᠪᠠᠭᠤᠯ ᠬᠡᠶᠢᠰᠬᠡᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠲᠣᠮᠣ ᠭᠡᠯᠪᠡᠷᠢ ᠶᠢᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠠᠵᠢᠯᠯᠠᠭ᠎ᠠ᠂ ︽ᠬᠤᠩᠱᠠᠨ ᠬᠡᠮᠡᠭᠴᠢ︾ ᠬᠤᠩᠱᠠᠨ ᠰᠣᠶᠣᠯ ᠤᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠠᠵᠢᠯᠯᠠᠭ᠎ᠠ᠂ ︽ᠠᠮᠢᠨ ᠰᠤᠳᠠᠰᠤ︾ ᠲᠣᠮᠣ ᠭᠡᠯᠪᠡᠷᠢ ᠶᠢᠨ ᠬᠠᠮ ᠵᠠᠭᠤᠴᠢᠯᠠᠭᠤᠷ ᠤᠨ ᠰᠢᠷᠢᠰ ᠰᠢᠭᠤᠳ ᠨᠡᠪᠲᠡᠷᠡᠭᠦᠯᠭᠡ᠂ ︽ᠮᠢᠨᠤ ᠨᠢᠳᠦᠨ ᠳᠠᠬᠢ ᠳᠤᠮᠳᠠᠳᠤ ᠤᠯᠤᠰ︾ ᠭᠡᠬᠦ ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠬᠢᠲᠠᠳ ᠬᠡᠯᠡᠨ ᠤ ᠵᠣᠬᠢᠶᠠᠯ ᠡᠯᠰᠡᠬᠦ ᠠᠵᠢᠯᠯᠠᠭ᠎ᠠ᠂ ᠲᠠᠯ᠎ᠠ ᠨᠤᠲᠤᠭ ᠤᠨ ᠵᠢᠷᠤᠭᠲᠤ ᠲᠣᠯᠢ·ᠥᠪᠥᠷ ᠮᠣᠩᠭᠤᠯ ᠤᠨ ᠮᠡᠳᠡᠯᠭᠡ ᠶᠢᠨ ᠥᠮᠴᠢᠯᠡᠬᠦ ᠡᠷᠬᠡ ᠶᠢᠨ ᠲᠣᠪᠴᠢᠶ᠎ᠠ ᠶᠢᠨ ᠰᠢᠷᠢᠰ ᠪᠦᠲᠦᠭᠡᠯ ᠵᠡᠷᠭᠡ ᠪᠣᠯᠣᠨ᠎ᠠ᠃     ᠲᠤᠰ ᠬᠤᠭᠤᠴᠠᠭᠠᠨ ᠤ ᠣᠨ ᠤ ᠬᠤᠷᠠᠯ ᠨᠢ ᠪᠠᠰᠠ ︽ᠮᠤᠵᠢ ᠶᠢᠨ ᠱᠠᠲᠤᠨ ᠤ ᠨᠠᠮ ᠤᠨ ᠰᠣᠨᠢᠨ ᠤ ᠶᠡᠷᠦᠩᠬᠡᠢ ᠨᠠᠶᠢᠷᠠᠭᠤᠯᠤᠭᠴᠢ ᠶᠢᠨ ᠲᠥᠪᠡᠳ ᠲᠠᠬᠢ ᠠᠶᠠᠯᠠᠯ︾ ᠭᠡᠬᠦ ᠭᠤᠣᠯ ᠰᠡᠳᠦᠪᠲᠦ ᠰᠣᠷᠪᠤᠯᠵᠢᠯᠠᠭ᠎ᠠ ᠶᠢᠨ ᠠᠵᠢᠯᠯᠠᠭ᠎ᠠ ᠥᠷᠨᠢᠭᠦᠯᠵᠦ᠂ ᠬᠤᠷᠠᠯ ᠳᠤ ᠣᠷᠣᠯᠴᠠᠬᠰᠠᠨ ᠨᠠᠮ ᠤᠨ ᠰᠣᠨᠢᠨ ᠤ ᠵᠠᠭᠤᠴᠢᠯᠠᠭᠤᠷ ᠤᠨ ᠰᠤᠷᠪᠤᠯᠵᠢᠯᠠᠬᠴᠢ ᠶᠢᠨ ᠪᠢᠷ ᠪᠠ ᠳᠤᠷᠠᠨ ᠬᠠᠷᠠᠭ᠎ᠠ ᠪᠠᠷ ᠳᠠᠮᠵᠢᠭᠤᠯᠤᠨ᠂ ᠰᠢᠨ᠎ᠡ ᠴᠠᠭ ᠦᠶ᠎ᠡ ᠶᠢᠨ ᠲᠥᠪᠡᠳ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠨᠡᠩ ᠤᠯᠠᠨ ᠬᠥᠮᠥᠨ ᠳᠤ ᠦᠵᠡᠰᠬᠦᠯᠡᠩᠲᠦ ᠰᠠᠶᠢᠬᠠᠨ ᠲᠥᠪᠡᠳ ᠢ ᠣᠶᠢᠯᠠᠭᠠᠭᠤᠯᠤᠨ ᠮᠡᠳᠡᠷᠡᠭᠦᠯᠬᠦ ᠪᠣᠯᠣᠨ᠎ᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号