ᠲᠠᠯᠠᠨ ᠬᠠᠷ᠎ᠠ ᠰᠢᠶᠠᠩ
ᠨᠡᠶᠢᠲᠡᠯᠡᠭᠰᠡᠨ ᠴᠠᠭ᠄
2023/9/6
     ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠢ ᠤᠷᠢᠶᠠᠯᠠᠬᠤ ᠬᠦᠴᠦᠨ ᠢ ᠴᠢᠩᠭᠠᠳᠬᠠᠨ᠎ᠠ᠃ ᠬᠠᠷᠢᠶᠠᠲᠤ ᠣᠷᠣᠨ ᠤ ᠳᠣᠲᠣᠷᠠᠬᠢ ᠰᠢᠨ᠎ᠡ ᠬᠦᠷᠢᠶ᠎ᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠲᠤᠭᠤᠰᠢᠯᠠᠭᠤᠯᠤᠨ᠎ᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃      ︵ᠬᠤᠶᠠᠷ︶ ᠨᠠᠮ ᠤᠨ ᠡᠯ᠎ᠡ ᠵᠦᠢᠯ ᠤᠨ ᠱᠤᠭᠤᠮ ᠴᠢᠭᠯᠡᠯᠲᠡ ᠲᠤᠶᠢᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ᠂ ᠲᠣᠭᠲᠠᠭᠠᠯ ᠢ ᠬᠡᠷᠡᠭᠵᠢᠭᠦᠯᠦᠨ᠎ᠡ︔ ᠬᠠᠷᠢᠶᠠᠲᠤ ᠣᠷᠣᠨ ᠤ ᠳᠣᠲᠣᠷᠠᠬᠢ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠤᠯᠠᠨ ᠲᠦᠮᠡᠨ ᠤ ᠪᠦᠯᠬᠦᠮ᠂ ᠠᠷᠠᠳ ᠤᠨ ᠵᠡᠪᠰᠡᠭᠲᠦ ᠬᠦᠴᠦᠨ ᠵᠡᠷᠭᠡ ᠠᠵᠢᠯ ᠢ ᠬᠠᠷᠢᠭᠤᠴᠠᠨ᠎ᠠ︔ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠲᠠᠯ᠎ᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠬᠠᠷᠢᠶᠠᠲᠤ ᠣᠷᠣᠨ ᠤ ᠳᠣᠲᠣᠷᠠᠬᠢ ᠬᠤᠳᠠ ᠶᠢᠨ ᠳᠦᠷᠰᠦ ᠪᠠᠶᠢᠳᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠮᠢ ᠠᠬᠤᠢ ᠣᠷᠴᠢᠨ ᠨᠥᠬᠦᠴᠡᠯ ᠤᠨ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ︵ᠳᠥᠷᠪᠡ︶ ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠢᠳᠡᠪᠬᠢᠲᠡᠢ ᠪᠠᠷ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠡᠬᠢ ᠪᠠᠶᠠᠯᠢᠭ ᠢ ᠲᠣᠰᠬᠤᠨ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠠᠯᠪᠠᠨ ᠠᠴᠠ ᠡᠷᠬᠢᠯᠡᠬᠦ ᠠᠷᠠᠳ ᠠᠴᠠ ᠡᠷᠬᠢᠯᠡᠬᠦ ᠶᠢ ᠵᠡᠷᠭᠡ ᠪᠠᠷ ᠴᠢᠬᠤᠯᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ ᠲᠦᠷᠭᠡᠳᠬᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠵᠣᠭᠤᠰ ᠵᠠᠷᠤᠴᠠᠭᠤᠯᠤᠨ ᠬᠥᠮᠥᠨ ᠢ ᠲᠡᠵᠢᠭᠡᠵᠦ ᠪᠠᠶᠢᠭᠰᠠᠨ ᠠᠴᠠ ᠵᠣᠭᠤᠰ ᠵᠠᠷᠤᠴᠠᠭᠤᠯᠤᠨ ᠤᠴᠢᠷ ᠶᠠᠪᠤᠳᠠᠯ ᠪᠦᠲᠦᠭᠡᠬᠦ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠡᠷᠡᠭᠦᠯ ᠮᠡᠨᠳᠤ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠤᠨ ᠪᠠᠲᠤᠯᠠᠭ᠎ᠠ ᠪᠠ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠵᠦ᠂ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃      ︵ᠲᠠᠪᠤ︶ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠷᠢᠶᠠᠲᠤ ᠣᠷᠣᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠵᠢᠷᠭᠤᠭ᠎ᠠ︶ ᠠᠮᠤᠷ ᠲᠦᠪᠰᠢᠨ ᠲᠣᠭᠲᠠᠭᠤᠨ ᠪᠠᠶᠢᠯᠭᠠᠬᠤ ᠪᠠ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃      ︵ᠳᠣᠯᠤᠭ᠎ᠠ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠬᠠᠷᠢᠶᠠᠲᠤ ᠣᠷᠣᠨ ᠤ ᠳᠣᠲᠣᠷᠠᠬᠢ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠲᠣᠰᠬᠤᠨ ᠤ ᠠᠷᠠᠳ ᠵᠡᠷᠭᠡ ᠨᠡᠶᠢᠭᠡᠮ ᠤᠨ ᠬᠦᠴᠦᠨ ᠤ ᠨᠡᠶᠢᠭᠡᠮ ᠤᠨ ᠵᠠᠰᠠᠯᠲᠠ ᠳᠤ ᠣᠷᠣᠯᠴᠠᠬᠤ᠂ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠶᠢ ᠳᠠᠶᠢᠴᠢᠯᠠᠨ ᠵᠢᠯᠤᠭᠤᠳᠴᠤ᠂ ᠣᠷᠣᠨ ᠪᠦᠰᠡ ᠶᠢᠨ ᠳᠣᠲᠣᠷᠠᠬᠢ ᠡᠯ᠎ᠡ ᠵᠦᠢᠯ ᠤᠨ ᠨᠡᠶᠢᠭᠡᠮ ᠤᠨ ᠬᠦᠴᠦᠨ ᠢ ᠡᠮᠬᠢᠯᠡᠨ ᠨᠡᠶᠢᠯᠡᠭᠦᠯᠵᠦ ᠰᠢᠶᠠᠩ᠂ ᠲᠣᠰᠬᠤᠨ ᠤ ᠬᠥᠭᠵᠢᠯᠲᠡ ᠳᠤ ᠦᠢᠯᠡᠴᠢᠯᠡᠭᠦᠯᠦᠨ᠎ᠡ᠃ ᠤᠯᠠᠨ ᠲᠦᠮᠡᠨ ᠢ ᠵᠣᠬᠢᠶᠠᠨ ᠪᠠᠶᠢᠭᠤᠯᠬᠤ᠂ ᠤᠯᠠᠨ ᠲᠦᠮᠡᠨ ᠢ ᠤᠬᠠᠭᠤᠯᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠠᠬᠢ ᠲᠣᠰᠬᠤᠨ ᠤ ᠠᠷᠠᠳ ᠤᠨ ᠪᠡᠶᠡᠴᠢ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ ᠦᠨᠳᠦᠰᠦᠨ ᠱᠠᠲᠤᠨ ᠤ ᠬᠠᠮᠲᠤᠪᠠᠷ ᠵᠠᠰᠠᠬᠤ ᠦᠨᠳᠦᠰᠦᠨ ᠨᠢᠭᠡᠴᠢ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠦᠨ᠎ᠡ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠨᠢᠭᠡᠳᠦᠯᠲᠡᠢ ᠤᠳᠤᠷᠢᠳᠤᠭᠰᠠᠨ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠢᠳᠡᠪᠬᠢᠲᠡᠢ ᠬᠠᠮᠵᠢᠯᠴᠠᠭᠰᠠᠨ᠂ ᠥᠷᠭᠡᠨ ᠤᠯᠠᠨ ᠲᠦᠮᠡᠨ ᠥᠷᠭᠡᠨ ᠢᠶᠠᠷ ᠣᠷᠣᠯᠴᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠤᠨ᠎ᠠ᠃      ︵ᠨᠠᠢᠮᠠ︶ ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠦᠰᠢᠭᠯᠡᠨ᠂ ᠰᠢᠶᠠᠩ ᠪᠠᠯᠭᠠᠰᠤ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠳᠤ ᠲᠥᠪᠯᠡᠷᠡᠭᠦᠯᠬᠦ ᠶᠢ ᠠᠬᠢᠭᠤᠯᠵᠤ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠭᠦᠢᠴᠡᠳᠬᠡᠬᠦ᠂ ᠨᠢᠭᠡᠳᠦᠯᠲᠡᠢ ᠴᠣᠩᠬᠤ ᠪᠠᠷ ᠪᠢᠴᠢᠭ ᠮᠠᠲ᠋ᠧᠷᠢᠶᠠᠯ ᠭᠠᠷᠭᠠᠬᠤ ᠭᠥᠯᠢᠶᠡᠨ ᠠᠪᠴᠤ ᠰᠢᠢᠳᠪᠦᠷᠢᠯᠡᠬᠦ ᠶᠢ ᠰᠠᠯᠭᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠲᠦᠷᠭᠡᠳᠬᠡᠨ ᠪᠡᠶᠡᠯᠡᠭᠦᠯᠦᠨ᠎ᠡ᠃ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠤᠨ᠎ᠠ᠃      ︵ᠶᠢᠰᠦ︶ ᠬᠠᠷᠢᠶᠠᠲᠤ ᠣᠷᠣᠨ ᠤ ᠳᠣᠲᠣᠷᠠᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ᠠᠷᠪᠠ︶ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠤᠨ ᠠᠵᠢᠯ ᠢ ᠵᠢᠯᠣᠭᠤᠳᠤᠨ᠎ᠠ᠃      ︵ᠠᠷᠪᠠᠨ ᠨᠢᠭᠡ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ᠳᠠᠯᠠᠨ ᠬᠠᠷ᠎ᠠ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ 5 ᠨᠠᠮ ᠵᠠᠰᠠᠭ ᠤᠨ ᠪᠠᠶᠢᠭᠤᠯᠤᠮᠵᠢ᠂ 3 ᠠᠵᠢᠯ ᠦᠢᠯᠡᠰ ᠤᠨ ᠨᠢᠭᠡᠴᠢ ᠲᠠᠢ ᠪᠠᠶᠢᠳᠠᠭ᠃      ︵ᠨᠢᠭᠡ︶ ᠨᠠᠮ ᠵᠠᠰᠠᠭ ᠤᠨ ᠪᠠᠶᠢᠭᠤᠯᠤᠮᠵᠢ      1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭ᠎ᠠ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠵᠦᠢᠯ᠂ ᠳᠠᠩᠰᠠ ᠡᠪᠬᠡᠮᠡᠯ᠂ ᠭᠤᠷᠪᠠᠨ ᠠᠵᠢᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠬᠠᠷᠢᠭᠤᠴᠠᠨ᠎ᠠ︔ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠵᠡᠷᠭᠡ ᠠᠵᠢᠯ ᠢ ᠬᠠᠷᠢᠭᠤᠴᠠᠨ᠎ᠠ᠃      2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠤᠨ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠵᠡᠪᠰᠡᠭᠲᠦ ᠬᠦᠴᠦᠨ ᠵᠡᠷᠭᠡ ᠠᠵᠢᠯ ᠢ ᠬᠠᠷᠢᠭᠤᠴᠠᠨ᠎ᠠ᠃      3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠢ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃      4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠨᠡᠶᠢᠭᠡᠮ ᠤᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠭᠠᠴᠠᠭᠠᠨ ᠤ ᠦᠢᠯᠡᠴᠢᠯᠡᠭᠡᠨ ᠤ ᠭᠠᠵᠠᠷ ᠤᠨ ᠬᠠᠷᠢᠴᠠᠭ᠎ᠠ ᠶᠢ ᠵᠣᠬᠢᠴᠠᠭᠤᠯᠵᠤ᠂ ᠲᠣᠰᠬᠤᠨ ᠤ ᠠᠷᠠᠳ ᠪᠣᠯᠣᠨ ᠬᠠᠷᠢᠶᠠᠲᠤ ᠣᠷᠣᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠦᠢᠯᠡᠴᠢᠯᠡᠭᠡᠨ ᠤ ᠲᠥᠷᠥᠯ ᠵᠦᠢᠯ ᠢ ᠬᠠᠩᠭᠠᠨ᠎ᠠ︔ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠤᠨ ᠪᠠᠲᠤᠯᠠᠭ᠎ᠠ ᠪᠠ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠨ᠎ᠡ᠃      5. ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠬᠠᠷᠢᠶᠠᠲᠤ ᠣᠷᠣᠨ ᠤ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠨᠠᠰᠤᠨ ᠳᠤ ᠦᠯᠦ ᠬᠦᠷᠦᠭᠰᠡᠳ᠂ ᠥᠨᠥᠴᠢᠨ ᠬᠡᠦᠬᠡᠳ᠂ ᠵᠡᠮᠳᠡᠭᠴᠦᠳ᠂ ᠨᠠᠰᠤᠲᠠᠶᠢᠴᠤᠳ ᠵᠡᠷᠭᠡ ᠣᠨᠴᠠᠭᠠᠶ ᠬᠦᠴᠢᠷᠳᠡᠯ ᠲᠠᠢ ᠬᠠᠮᠲᠤᠯᠢᠭ ᠵᠢᠴᠢ ᠪᠤᠰᠤᠳ ᠲᠣᠰᠬᠤᠨ ᠤ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠬᠠᠷᠢᠶᠠᠲᠤ ᠣᠷᠣᠨ ᠤ ᠳᠣᠲᠣᠷᠠᠬᠢ ᠲᠣᠣᠷᠵᠢᠭᠤᠯᠬᠤ ᠠᠵᠢᠯ ᠢ ᠬᠠᠷᠢᠭᠤᠴᠠᠨ᠎ᠠ᠃      ︵ᠬᠤᠶᠠᠷ︶ ᠠᠵᠢᠯ ᠦᠢᠯᠡᠰ ᠤᠨ ᠪᠠᠶᠢᠭᠤᠯᠤᠮᠵᠢ ︵ᠳᠡᠳ᠋ ᠰᠠᠯᠠᠭ᠎ᠠ ᠶᠢᠨ ᠳᠡᠰ︶      1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶᠃ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠢᠯᠡᠴᠢᠯᠡᠬᠦ ᠶᠢ ᠬᠠᠷᠢᠭᠤᠴᠠᠨ᠎ᠠ︔ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠳᠡᠮᠵᠢᠯᠭᠡ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠦᠴᠦᠸᠠᠨ ᠰᠢᠶᠠᠨ ᠤ ᠳᠠᠯᠠᠨ ᠬᠠᠷ᠎ᠠ ᠰᠢᠶᠠᠩ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠡᠯ᠎ᠡ ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃      3. ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ      ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠲᠧᠭᠨᠢᠭ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠭᠤᠷᠪᠠ᠂ ᠠᠵᠢᠯᠲᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ      ᠦᠴᠦᠸᠠᠨ ᠰᠢᠶᠠᠨ ᠤ ᠳᠠᠯᠠᠨ ᠬᠠᠷ᠎ᠠ ᠰᠢᠶᠠᠩ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠣᠷᠣᠨ ᠲᠤᠭ᠎ᠠ 27 ᠬᠥᠮᠥᠨ᠂ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 11 ᠬᠥᠮᠥᠨ ︵3 ᠵᠢᠩᠬᠢᠨᠢ 8 ᠳᠡᠳ᠋︶᠂ ᠡᠭᠦᠨ ᠳᠤ ᠨᠠᠮ ᠤᠨ ᠬᠤᠷᠢᠶᠠᠨ ᠤ ᠱᠦᠵᠢ 1 ᠬᠥᠮᠥᠨ᠂ ᠨᠠᠮ ᠤᠨ ᠬᠤᠷᠢᠶᠠᠨ ᠤ ᠳᠡᠳ᠋ ᠱᠦᠵᠢ ᠪᠥᠭᠡᠳ ᠵᠠᠰᠠᠭ ᠤᠨ ᠣᠷᠳᠣᠨ ᠤ ᠰᠢᠶᠠᠩ ᠤᠨ ᠳᠠᠷᠤᠭ᠎ᠠ 1 ᠬᠥᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ 1 ᠬᠥᠮᠥᠨ᠂ ᠨᠠᠮ ᠤᠨ ᠬᠤᠷᠢᠶᠠᠨ ᠤ ᠳᠡᠳ᠋ ᠱᠦᠵᠢ ︵ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠤ ᠲᠤᠰᠢᠶᠠᠯ ᠢ ᠬᠠᠪᠰᠤᠷᠭᠠᠨ ᠬᠠᠷᠢᠭᠤᠴᠠᠵᠤ ᠪᠣᠶ︶ 1 ᠬᠥᠮᠥᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ 1 ᠬᠥᠮᠥᠨ᠂ ᠵᠣᠬᠢᠶᠠᠨ ᠪᠠᠶᠢᠭᠤᠯᠬᠤ ᠭᠡᠰᠢᠭᠦᠨ 1 ᠬᠥᠮᠥᠨ᠂ ᠤᠬᠠᠭᠤᠯᠬᠤ ᠭᠡᠰᠢᠭᠦᠨ 1 ᠬᠥᠮᠥᠨ᠂ ᠳᠡᠳ᠋ ᠰᠢᠶᠠᠩ ᠤᠨ ᠳᠠᠷᠤᠭ᠎ᠠ 3 ᠬᠥᠮᠥᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ 1 ᠬᠥᠮᠥᠨ︔ ᠠᠵᠢᠯ ᠦᠢᠯᠡᠰ ᠤᠨ ᠣᠷᠣᠨ ᠲᠤᠭ᠎ᠠ 24 ᠬᠥᠮᠥᠨ᠂ ᠳᠡᠳ᠋ ᠰᠠᠯᠠᠭᠠᠨ ᠤ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 3 ᠬᠥᠮᠥᠨ᠃      ᠳᠥᠷᠪᠡ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠳᠠᠯᠠᠨ ᠬᠠᠷ᠎ᠠ ᠰᠢᠶᠠᠩ ᠤᠨ ᠠᠷᠠᠳ ᠤᠨ ᠵᠠᠰᠠᠭ ᠤᠨ ᠣᠷᠳᠣᠨ      ᠲᠠᠪᠤ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 ︱ 12᠄ 00 14᠄ 30 ︱ 17᠄ 30      ᠵᠢᠷᠭᠤᠭ᠎ᠠ᠂  ᠤᠲᠠᠰᠤ᠄ 0471-8800566      ᠳᠣᠯᠤᠭ᠎ᠠ᠂ ᠬᠠᠷᠢᠭᠤᠴᠠᠯᠭᠠᠲᠠᠨ᠄ ᠹᠠᠨ ᠠᠢ ᠫᠢᠩ᠂ ᠯᠢᠦ ᠶᠠᠨ ᠪᠥᠸᠧ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号