ᠦᠪᠦᠷ ᠮᠣᠩᠭᠤᠯ ᠳᠤ ᠨᠡᠶᠢᠳᠡᠮ ᠪᠣᠷᠤᠭ᠎ᠠ ᠣᠷᠣᠨ᠎ᠠ
ᠨᠡᠶᠢᠲᠡᠯᠡᠭᠰᠡᠨ ᠴᠠᠭ᠄
2023/9/6
     9 ᠰᠠᠷ᠎ᠠ ᠶᠢᠨ 6 ᠤ ᠡᠳᠣᠷ ᠤᠨ 20 ᠴᠠᠭ ᠠᠴᠠ 8 ᠤ ᠡᠳᠣᠷ ᠤᠨ 20 ᠴᠠᠭ ᠪᠣᠯᠳᠠᠯ᠎ᠠ᠂ ᠦᠪᠦᠷ ᠮᠣᠩᠭᠤᠯ ᠳᠤ ᠪᠠᠷᠠᠭᠤᠨ ᠠᠴᠠ ᠵᠡᠬᠦᠨᠰᠢ ᠨᠡᠶᠢᠳᠡᠮ ᠪᠣᠷᠤᠭ᠎ᠠ ᠣᠷᠣᠨ᠎ᠠ᠃ ᠡᠬᠦᠨ ᠳᠤ ᠪᠠᠷᠠᠭᠤᠨ ᠪᠡᠶ᠎ᠡ ᠶᠢᠨ ᠡᠮᠦᠨ᠎ᠡ ᠬᠡᠰᠡᠭ ᠤᠨ ᠭᠠᠵᠠᠷ ᠣᠷᠣᠨ ᠳᠤ ᠳᠣᠮᠳᠠ ᠵᠡᠷᠬᠡ ᠶᠢᠨ ᠪᠣᠷᠤᠭ᠎ᠠ ᠣᠷᠣᠵᠣ᠂ ᠵᠡᠬᠦᠨ ᠬᠤᠶᠢᠳᠣ ᠪᠡᠶ᠎ᠡ ᠪᠠᠷ ᠳᠣᠮᠳᠠ ᠠᠴᠠ ᠶᠡᠭᠡ ᠪᠣᠷᠤᠭ᠎ᠠ ᠣᠷᠣᠵᠣ᠂ ᠣᠬᠤᠷ ᠬᠤᠭᠤᠴᠠᠭᠠᠨ ᠳᠤ ᠰᠢᠷᠦᠬᠦᠨ ᠪᠣᠷᠤᠭ᠎ᠠ᠂ ᠠᠶᠣᠩᠭᠠᠳᠣ ᠪᠣᠷᠤᠭ᠎ᠠ ᠂ ᠶᠡᠭᠡ ᠰᠠᠯᠬᠢ᠂ ᠮᠦᠨᠳᠣᠷ ᠵᠡᠷᠬᠡ ᠴᠢᠩᠭ᠎ᠠ ᠰᠣᠯᠢᠭ ᠣᠷᠣᠰᠬᠠᠯᠳᠣ ᠴᠠᠭ ᠠᠭᠠᠷ ᠢᠯᠡᠷᠡᠵᠦ᠂ ᠶᠡᠬᠡᠩᠬᠢ ᠭᠠᠵᠠᠷ ᠤᠨ ᠳᠣᠯᠠᠭᠠᠨ ᠤ ᠬᠡᠮᠵᠢᠶ᠎ᠡ ᠢᠯᠡᠷᠬᠡᠢ ᠪᠠᠭᠤᠷᠠᠨ᠎ᠠ᠃ ᠡᠬᠦᠨ ᠳᠤ᠂ ᠪᠠᠷᠠᠭᠤᠨ ᠪᠡᠶ᠎ᠡ ᠶᠢᠨ ᠪᠠᠷᠠᠭᠤᠨ ᠬᠡᠰᠡᠭ ᠪᠠ ᠡᠮᠦᠨ᠎ᠡ ᠬᠡᠰᠡᠭ᠂ ᠳᠣᠮᠳᠠ ᠪᠠ ᠵᠡᠬᠦᠨ ᠪᠡᠶ᠎ᠡ ᠶᠢᠨ ᠶᠡᠬᠡᠩᠬᠢ ᠭᠠᠵᠠᠷ ᠣᠷᠣᠨ ᠤ ᠠᠭᠠᠷ ᠤᠨ ᠳᠣᠯᠠᠭᠠᠨ 4 — 6 ᠭᠷᠠᠳᠦ᠋ᠰ ᠪᠠᠭᠤᠷᠠᠵᠣ᠂ ᠪᠠᠷᠠᠭᠤᠨ ᠪᠡᠶ᠎ᠡ ᠶᠢᠨ ᠡᠮᠦᠨ᠎ᠡ ᠬᠡᠰᠡᠭ᠂ ᠳᠣᠮᠳᠠ ᠪᠡᠶ᠎ᠡ ᠶᠢᠨ ᠵᠡᠬᠦᠨ ᠬᠡᠰᠡᠭ᠂ ᠵᠡᠬᠦᠨ ᠪᠡᠶ᠎ᠡ ᠶᠢᠨ ᠪᠠᠷᠠᠭᠤᠨ ᠬᠡᠰᠡᠭ ᠤᠨ ᠭᠠᠵᠠᠷ ᠣᠷᠣᠨ ᠤ ᠠᠭᠠᠷ ᠤᠨ ᠳᠣᠯᠠᠭᠠᠨ 6 ᠠᠴᠠ 8 ᠭᠷᠠᠳᠦ᠋ᠰ ᠪᠠᠭᠤᠷᠠᠬᠤ ᠶᠣᠮ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号