ᠮᠠᠨ ᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠭᠠᠩ ᠬᠠᠭᠰᠠᠷᠠᠭᠠᠨ ᠲᠠᠢ ᠲᠡᠮᠡᠴᠡᠵᠦ ᠡᠯᠪᠡᠭ ᠬᠤᠷᠢᠶᠠᠯᠲᠠ ᠣᠯᠬᠤ ᠶᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2023/9/6
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠨᠡᠯᠢᠶᠡᠳ ᠪᠤᠳᠤᠯᠢᠶᠠᠨᠲᠠᠢ ᠭᠠᠩ ᠤᠨ ᠪᠠᠶᠢᠳᠠᠯ ᠳᠤ ᠴᠢᠭᠯᠡᠭᠦᠯᠦᠨ᠂ ᠡᠳ᠋ ᠤᠨ ᠵᠠᠰᠠᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ ᠠᠴᠠ ᠮᠠᠨ ᠤ ᠣᠷᠣᠨ ᠳᠤ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ 6360 ᠲᠦᠮᠡᠨ ᠲᠥᠭᠦᠷᠢᠭ ᠤᠨ ᠪᠡᠯᠡ ᠮᠥᠩᠭᠦ ᠪᠠᠭᠤᠯᠭᠠᠪᠠ᠃ ᠣᠳᠣᠬᠠᠨ ᠳᠤ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠨᠢᠭᠡᠨᠲᠡ ᠭᠠᠩ ᠭᠠᠮᠰᠢᠭ ᠲᠤ ᠳᠠᠭᠠᠷᠢᠬᠳᠠᠬᠰᠠᠨ ᠡᠯ᠎ᠡ ᠠᠶᠢᠮᠠᠭ ᠬᠤᠲᠠ ᠳᠤ ᠲᠠᠷᠬᠠᠭᠠᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠡᠬᠢᠯᠡᠭᠰᠡᠨ ᠠᠴᠠ ᠨᠠᠭᠠᠰᠢ ᠪᠦᠭᠦ ᠣᠷᠣᠨ ᠤ ᠶᠡᠬᠡᠩᠬᠢ ᠭᠠᠵᠠᠷ ᠲᠤ ᠬᠤᠷ᠎ᠠ ᠲᠤᠨᠳᠠᠰᠤ ᠶᠢᠨ ᠬᠡᠮᠵᠢᠶ᠎ᠡ ᠪᠠᠭ᠎ᠠ᠂ ᠳᠤᠯᠠᠭᠠᠨ ᠤ ᠬᠡᠮᠵᠢᠶ᠎ᠡ ᠥᠨᠳᠥᠷ ᠪᠠᠶᠢᠵᠤ᠂ ᠠᠳᠠᠯᠢ ᠪᠤᠰᠤ ᠬᠡᠮᠵᠢᠶᠡᠨ ᠤ ᠭᠠᠩ ᠤᠨ ᠪᠠᠶᠢᠳᠠᠯ ᠢᠯᠡᠷᠡᠪᠡ᠃ 9 ᠰᠠᠷ᠎ᠠ ᠶᠢᠨ 4 ᠤ ᠡᠳᠦᠷ ᠪᠤᠯᠲᠠᠯ᠎ᠠ᠂ ᠪᠦᠭᠦ ᠣᠷᠣᠨ ᠤ ᠭᠠᠩ ᠭᠠᠮᠰᠢᠭ ᠲᠤ ᠳᠠᠭᠠᠷᠢᠬᠳᠠᠬᠰᠠᠨ ᠲᠠᠯᠠᠪᠠᠶ 53.23 ᠲᠦᠮᠡᠨ ᠲᠡᠭᠰᠢ ᠳᠥᠷᠪᠡᠯᠵᠢᠨ ᠺᠢᠯᠣᠮᠧᠲᠷ ᠬᠦᠷᠴᠦ᠂ ᠪᠦᠭᠦ ᠣᠷᠣᠨ ᠤ ᠲᠠᠷᠢᠶᠠᠨ ᠭᠠᠵᠠᠷ ᠨᠤᠲᠤᠭ ᠪᠡᠯᠴᠢᠭᠡᠷ ᠣᠶ ᠰᠢᠭᠤᠢ ᠶᠢᠨ ᠶᠡᠷᠦᠩᠬᠡᠢ ᠲᠠᠯᠠᠪᠠᠶ ᠶᠢᠨ 53.5% ᠶᠢ ᠡᠵᠡᠯᠡᠵᠦ᠂ ᠬᠦᠨᠳᠦ ᠭᠠᠩ ᠬᠠᠭᠰᠠᠷᠠᠭᠠᠨ ᠢᠶᠠᠷ ᠭᠤᠣᠯᠯᠠᠪᠠ᠃ ᠮᠠᠯᠵᠢᠬᠤ ᠣᠷᠣᠨ ᠤ ᠶᠡᠷᠦᠩᠬᠡᠢ ᠲᠠᠯᠠᠪᠠᠢ ᠶᠢᠨ 60% ᠭᠠᠷᠤᠢ ᠨᠢ ᠭᠠᠩ ᠭᠠᠮᠰᠢᠭ ᠲᠤ ᠳᠠᠭᠠᠷᠢᠬᠳᠠᠵᠤ᠂ ᠬᠦᠨᠳᠦ ᠭᠠᠩ ᠬᠠᠭᠰᠠᠷᠠᠭᠠᠨ ᠢᠶᠠᠷ ᠭᠤᠣᠯᠯᠠᠵᠤ ᠪᠠᠶᠢᠨ᠎ᠠ; ᠲᠠᠷᠢᠶᠠᠯᠠᠬᠤ ᠣᠷᠣᠨ ᠤ ᠶᠡᠷᠦᠩᠬᠡᠢ ᠲᠠᠯᠠᠪᠠᠢ ᠶᠢᠨ 40% ᠭᠠᠷᠤᠢ ᠨᠢ ᠭᠠᠩ ᠭᠠᠮᠰᠢᠭ ᠲᠤ ᠳᠠᠭᠠᠷᠢᠬᠳᠠᠵᠤ᠂ ᠬᠥᠩᠭᠡᠨ ᠭᠠᠩ ᠬᠠᠭᠰᠠᠷᠠᠭᠠᠨ  ᠢᠶᠠᠷ ᠭᠤᠣᠯᠯᠠᠵᠤ ᠪᠠᠶᠢᠨ᠎ᠠ; ᠰᠢᠭᠤᠶᠢᠲᠤ ᠣᠷᠣᠨ ᠤ ᠶᠡᠷᠦᠩᠬᠡᠢ ᠲᠠᠯᠠᠪᠠᠢ ᠶᠢᠨ 10% ᠣᠷᠴᠢᠮ ᠨᠢ ᠭᠠᠩ ᠭᠠᠮᠰᠢᠭ ᠲᠤ ᠳᠠᠭᠠᠷᠢᠬᠳᠠᠵᠤ᠂ ᠬᠥᠩᠭᠡᠨ ᠭᠠᠩ ᠬᠠᠭᠰᠠᠷᠠᠭᠠᠨ ᠢᠶᠠᠷ ᠭᠤᠣᠯᠯᠠᠵᠤ ᠪᠠᠶᠢᠨ᠎ᠠ᠃ ᠡᠭᠦᠨ ᠳᠤ ᠠᠯᠠᠱᠠ ᠪᠠᠷᠠᠭᠤᠨ ᠬᠤᠰᠢᠭᠤ᠂ ᠠᠯᠠᠱᠠ ᠵᠡᠭᠦᠨ ᠬᠤᠰᠢᠭᠤ᠂ ᠰᠥᠨᠢᠳ ᠵᠡᠭᠦᠨ ᠬᠤᠰᠢᠭᠤ᠂ ᠡᠵᠡᠨ᠎ᠡ ᠬᠤᠰᠢᠭᠤ᠂ ᠵᠡᠭᠦᠨ ᠦᠵᠦᠮᠦᠴᠢᠨ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠥᠨᠢᠳ ᠪᠠᠷᠠᠭᠤᠨ ᠬᠤᠰᠢᠭᠤ᠂ ᠤᠷᠠᠳ ᠤᠨ ᠬᠤᠶᠢᠲᠤ ᠬᠤᠰᠢᠭᠤ᠂ ᠠᠪᠠᠭ᠎ᠠ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠬᠠᠩᠭᠢᠨ ᠬᠤᠰᠢᠭᠤ᠂ ᠡᠷᠢᠶᠡᠨ ᠬᠤᠲᠠ᠂ ᠬᠥᠪᠡᠭᠡᠲᠦ ᠰᠢᠷ᠎ᠠ ᠬᠤᠰᠢᠭᠤ ᠪᠣᠯᠣᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠬᠦᠨᠳᠦ ᠠᠴᠠ ᠳᠡᠭᠡᠭᠰᠢ ᠭᠠᠩ ᠭᠠᠮᠰᠢᠭ ᠲᠤ ᠳᠠᠭᠠᠷᠢᠬᠳᠠᠪᠠ᠃      ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠪᠣᠯᠣᠨ ᠭᠠᠩ ᠬᠠᠭᠰᠠᠷᠠᠭᠠᠨ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠭᠠᠬᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠳᠤᠮᠳᠠᠬᠢ ᠦᠢᠯᠡᠳᠦᠯ ᠢ ᠭᠦᠢᠴᠡᠳ ᠪᠠᠳᠠᠷᠠᠭᠤᠯᠬᠤ ᠶᠢ ᠦᠨᠡᠨ ᠬᠦ ᠪᠠᠲᠤᠯᠠᠵᠤ ᠪᠠᠶᠢᠨ᠎ᠠ; ᠤᠰᠤ ᠶᠡᠭᠡ ᠬᠤᠷᠣᠭᠳᠠᠭᠤᠯᠬᠤ ᠲᠠᠷᠢᠶᠠᠯᠠᠩ ᠤᠨ ᠤᠰᠤᠯᠠᠯᠲᠠ  ᠶᠢᠨ ᠲᠥᠬᠦᠭᠡᠷᠦᠮᠵᠢ ᠶᠢ ᠬᠢᠵᠠᠭᠠᠷᠯᠠᠨ᠂ ᠳᠤᠰᠤᠯᠭᠠᠨ ᠤᠰᠤᠯᠠᠬᠤ ᠪᠠ ᠰᠦᠷᠴᠢᠨ ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠠᠷᠭ᠎ᠠ ᠬᠡᠮᠵᠢᠶ᠎ᠡ ᠶᠢ ᠢᠳᠡᠪᠬᠢᠲᠡᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠳᠤ ᠬᠠᠩᠭᠠᠬᠤ ᠤᠰᠤᠨ ᠤ ᠬᠡᠮᠵᠢᠶ᠎ᠡ ᠶᠢᠨ ᠭᠦᠢᠴᠡᠳ ᠪᠠᠶᠢᠬᠤ ᠶᠢ ᠪᠠᠲᠤᠯᠠᠵᠤ ᠪᠠᠶᠢᠨ᠎ᠠ; ᠭᠠᠩ ᠤᠨ ᠪᠠᠶᠢᠳᠠᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠷᠭ᠎ᠠ ᠪᠠᠷᠢᠯ ᠢ ᠦᠷᠭᠦᠯᠵᠢᠯᠡᠨ ᠳᠡᠭᠡᠭᠰᠢᠯᠡᠭᠦᠯᠵᠦ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠭᠦᠢᠴᠡᠳ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠤᠨ ᠬᠤᠬᠢᠷᠠᠯ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠰᠠᠶᠢᠲᠤᠷ ᠬᠢᠵᠦ ᠪᠠᠶᠢᠨ᠎ᠠ; ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠪᠠᠶᠢᠳᠠᠯ ᠢ ᠬᠥᠳᠡᠯᠦᠩᠭᠦᠢ ᠪᠠᠷ ᠬᠢᠨᠠᠨ ᠰᠢᠨᠵᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠬᠥᠳᠡᠯᠦᠩᠭᠦᠢ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ ᠪᠤᠢ᠃      ᠣᠶᠢᠯᠠᠭᠠᠭᠰᠠᠨ ᠢᠶᠠᠷ᠂ ᠬᠠᠮᠢᠶ᠎ᠠ ᠪᠦᠬᠦᠢ ᠭᠠᠵᠠᠷ ᠤᠨ ᠬᠢᠨ ᠣᠳᠣᠬᠠᠨ ᠪᠤᠯᠲᠠᠯ᠎ᠠ ᠬᠥᠳᠡᠯᠦᠩᠭᠦᠢ ᠬᠢᠨᠠᠨ ᠬᠡᠮᠵᠢᠯᠲᠡ ᠪᠠᠷ ᠢᠯᠡᠷᠡᠭᠦᠯᠦᠭᠰᠡᠨ 26570 ᠬᠥᠮᠥᠨ ᠤ ᠭᠠᠩ ᠬᠠᠭᠰᠠᠷᠠᠭᠠᠨ ᠠᠴᠠ ᠪᠣᠯᠤᠭᠰᠠᠨ ᠤᠤᠭᠤᠬᠤ ᠤᠰᠤᠨ ᠤ ᠲᠦᠷ ᠴᠠᠭ ᠤᠨ ᠠᠰᠠᠭᠤᠳᠠᠯ ᠢ ᠨᠢᠭᠡᠨᠲᠡ ᠤᠰᠤ ᠲᠠᠲᠠᠵᠤ ᠤᠰᠤ ᠬᠦᠷᠭᠡᠬᠦ᠂ ᠤᠰᠤᠨ ᠰᠤᠷᠪᠤᠯᠵᠢ ᠶᠢ ᠰᠢᠨ᠎ᠡ ᠪᠠᠷ ᠨᠡᠭᠡᠭᠡᠬᠦ ᠵᠡᠷᠭᠡ ᠠᠷᠭ᠎ᠠ ᠭᠡᠯᠪᠡᠷᠢ ᠪᠠᠷ ᠲᠠᠮᠵᠢᠨ ᠰᠢᠢᠳᠪᠦᠷᠢᠯᠡᠪᠡ᠃ ᠪᠦᠭᠦ ᠣᠷᠣᠨ ᠳᠤ ᠨᠡᠶᠢᠲᠡ 64.75 ᠲᠦᠮᠡᠨ ᠬᠥᠮᠥᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠤᠷᠤᠯᠴᠠᠵᠤ᠂ ᠭᠠᠩ ᠬᠠᠭᠰᠠᠷᠠᠭᠠᠨ ᠲᠠᠢ ᠲᠡᠮᠡᠴᠡᠬᠦ 23.31 ᠲᠦᠮᠡᠨ ᠮᠠᠰᠢᠨ ᠲᠥᠬᠦᠭᠡᠷᠦᠮᠵᠢ᠂ ᠤᠰᠤ ᠵᠥᠭᠡᠭᠡᠪᠦᠷᠢᠯᠡᠬᠦ 36253 ᠮᠠᠰᠢᠨ ᠲᠡᠷᠭᠡ ᠲᠣᠬᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠤᠰᠤᠨ ᠤ ᠬᠠᠩᠭᠠᠯᠭ᠎ᠠ ᠶᠢ ᠪᠦᠭᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号