ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠮᠠᠨ ᠤ ᠰᠢᠶᠠᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠰᠦᠢᠳᠬᠡᠯ ᠲᠤᠰᠢᠶᠠᠬᠤ ᠪᠠᠷᠢᠮᠵᠢᠶ᠎ᠠ ᠪᠣᠯᠣᠨ ᠳᠠᠭᠠᠳᠬᠠᠯ ᠳᠤ ᠣᠷᠣᠯᠴᠠᠬᠤ ᠶᠢ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠢ ᠰᠤᠳᠤᠯᠪᠠ︔ ᠬᠤᠲᠠ ᠶᠢᠨ ᠲᠣᠭᠤᠷᠢᠭ ᠤᠨ ᠤᠰᠤ ᠬᠠᠩᠭᠠᠬᠤ ᠪᠠ ᠪᠣᠬᠢᠷ ᠤᠰᠤ ᠶᠢ ᠰᠢᠢᠳᠪᠦᠷᠢᠯᠡᠬᠦ ᠡᠭᠦᠷᠭᠡ ᠴᠢᠳᠠᠪᠤᠷᠢ ᠶᠢ ᠬᠤᠪᠢᠶᠠᠷᠢᠯᠠᠨ ᠰᠢᠯᠵᠢᠭᠦᠯᠵᠦ ᠲᠣᠬᠢᠷᠠᠭᠤᠯᠬᠤ ᠬᠤᠯᠪᠣᠭᠳᠠᠯ ᠪᠦᠬᠦᠢ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠳᠠᠭᠠᠳᠬᠠᠯ ᠳᠤ ᠣᠷᠣᠯᠴᠠᠵᠤ ᠰᠦᠢᠳᠬᠡᠯ ᠢᠶᠠᠨ ᠦᠷᠭᠦᠯᠵᠢᠯᠡᠭᠦᠯᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠬᠥᠮᠥᠨ ᠤ ᠲᠤᠭ᠎ᠠ ᠶᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠵᠤ᠂ ᠡᠨᠡ ᠵᠢᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠡᠯ᠎ᠡ ᠵᠦᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠣᠯᠠᠨ ᠤ ᠥᠲᠡᠯᠦᠭᠡ ᠨᠠᠰᠤᠨ ᠳᠠᠭᠠᠨ ᠠᠰᠠᠷᠠᠮᠵᠢ ᠲᠠᠢ᠂ ᠡᠪᠡᠳᠴᠢᠯᠡᠪᠡᠯ ᠡᠮᠨᠡᠭᠦᠯᠬᠦ ᠭᠠᠵᠠᠷ ᠲᠠᠢ᠂ ᠬᠦᠴᠢᠷᠳᠡᠪᠡᠯ ᠲᠤᠰᠠᠯᠠᠮᠵᠢ ᠲᠠᠢ ᠪᠠᠶᠢᠬᠤ ᠶᠢ ᠪᠡᠶᠡᠯᠡᠭᠦᠯᠬᠦ ᠳᠤ ᠴᠢᠬᠤᠯᠠ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠠᠴᠠ ᠪᠠᠰᠠ ᠵᠦᠢᠯ ᠢ ᠰᠤᠳᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号