2023 ᠳᠤᠮᠳᠠᠳᠤ ᠮᠣᠩᠭᠤᠯ ᠤᠷᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠨ᠎ᠡ ᠠᠵᠠ ᠲᠤᠭᠢᠶᠠᠯ ᠤᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 6 ᠤ ᠦᠳᠡ ᠶᠢᠨ ᠬᠤᠶᠢᠨ᠎ᠠ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠨᠢᠭᠡᠨ ᠠᠭᠤᠯᠭ᠎ᠠ ᠪᠤᠯᠬᠤ  ︽2023 ᠳᠤᠮᠳᠠᠳᠤ ᠮᠣᠩᠭᠤᠯ ᠤᠷᠤᠰ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠶᠢᠨ ᠰᠢᠨ᠎ᠡ ᠠᠵᠠ ᠲᠤᠭᠢᠶᠠᠯ ᠤᠨ ᠶᠠᠷᠢᠶᠠᠨ ᠤ ᠲᠠᠪᠴᠠᠩ︾ ᠭᠦᠭᠡᠬᠤᠲᠠ  ᠶᠢᠨ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠶᠠᠪᠤᠭᠳᠠᠪᠠ᠃      ᠶᠠᠷᠢᠶᠠᠨ ᠤ ᠲᠠᠪᠴᠠᠩ  ᠳᠡᠭᠡᠷ᠎ᠡ᠂ ᠭᠦᠭᠡᠬᠤᠲᠠ ᠶᠢᠨ ᠰᠠᠶᠢᠬᠠᠨ ᠪᠣᠭᠤᠮᠲᠠ ᠪᠣᠯᠣᠨ ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠠᠴᠠ RCEP᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠷᠠᠯᠵᠢᠶᠠᠨ ᠤ ᠵᠥᠪᠳᠡᠯᠴᠡᠭᠡᠷ ᠵᠢᠴᠢ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠣᠷᠣᠵᠤ ᠰᠠᠭᠤᠬᠤ ᠵᠢᠴᠢ ᠭᠦᠭᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠷᠠᠯᠵᠢᠶᠠᠴᠢᠨ ᠤᠷᠢᠬᠤ ᠲᠤᠬᠠᠢ ᠲᠦᠷᠦ ᠶᠢᠨ ᠪᠣᠳᠣᠯᠭ᠎ᠠ ᠶᠢᠨ ᠲᠠᠶᠢᠯᠤᠮᠵᠢ ᠬᠢᠪᠡ᠃ ᠤᠯᠤᠰ ᠤᠨ ᠳᠣᠲᠣᠭᠠᠳᠤ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠪᠦᠭᠦ ᠪᠥᠮᠪᠥᠷᠴᠡᠭ ᠤᠨ ᠡᠵᠡᠩᠨᠡᠯᠲᠡ ᠪᠣᠷᠣᠯᠠᠭᠤᠯᠤᠯᠲᠠ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠡᠵᠡᠩᠨᠡᠯᠲᠡ ᠶᠢᠨ ᠦᠢᠯᠡᠴᠢᠯᠡᠭᠡ ᠵᠢᠴᠢ ᠤᠯᠠᠨ ᠲᠦᠷᠦᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠰᠤᠳᠤᠯᠤᠨ ᠨᠡᠭᠡᠭᠡᠯᠲᠡ ᠪᠣᠯᠣᠨ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠲᠠᠶᠢᠯᠤᠮᠵᠢ ᠬᠢᠭᠰᠡᠨ ᠪᠠᠶᠢᠨ᠎ᠠ᠃      ᠶᠠᠷᠢᠶᠠᠨ ᠤ ᠲᠠᠪᠴᠠᠩ   ᠢ ᠭᠦᠭᠡᠬᠤᠲᠠ ᠶᠢᠨ ᠤᠯᠠᠨ ᠤᠯᠤᠰ ᠤᠨ ᠬᠤᠳᠠᠯᠳᠤᠭᠠᠨ ᠤ ᠨᠡᠶᠢᠭᠡᠮᠯᠢᠭ ᠠᠴᠠ ᠭᠤᠣᠯᠯᠠᠨ ᠡᠷᠭᠢᠯᠡᠵᠤ᠂ ᠥᠪᠥᠷ ᠮᠣᠩᠭᠤᠯ ᠤᠨ ᠳᠠᠶᠠᠭᠠᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠡᠷᠢᠶᠡᠨ ᠬᠤᠲᠠ ᠶᠢᠨ ᠡᠯᠧᠺᠲᠷᠣᠨ ᠬᠤᠳᠠᠯᠳᠤᠭᠠᠨ ᠤ ᠵᠥᠪᠯᠡᠯ ᠵᠡᠷᠭᠡ ᠠᠴᠠ ᠳᠠᠭᠠᠭᠠᠴᠢᠯᠠᠨ ᠡᠷᠭᠢᠯᠡᠵᠤ᠂ ᠳᠤᠮᠳᠠᠳᠤ ᠮᠣᠩᠭᠤᠯ ᠤᠷᠤᠰ ᠭᠤᠷᠪᠠᠨ ᠤᠯᠤᠰ ᠵᠢᠴᠢ ᠬᠠᠮᠢᠶ᠎ᠠ ᠪᠦᠬᠦᠢ ᠬᠤᠲᠠ ᠶᠢᠨ ᠵᠠᠰᠠᠭ ᠤᠨ ᠣᠷᠳᠣᠨ ᠤ ᠪᠠᠶᠢᠭᠤᠯᠤᠮᠵᠢ᠂ ᠬᠤᠳᠠᠯᠳᠤᠭᠠᠨ ᠤ ᠶᠠᠪᠤᠳᠠᠯ ᠠᠷᠠᠯᠵᠢᠶᠠᠨ ᠤ ᠬᠠᠮᠢᠶᠠᠷᠤᠯᠲᠠ ᠶᠢᠨ ᠭᠠᠵᠠᠷ᠂ ᠬᠤᠳᠠᠯᠳᠤᠭᠠᠨ ᠤ ᠨᠡᠶᠢᠭᠡᠮᠯᠢᠭ᠂ ᠠᠵᠤ ᠠᠬᠤᠶᠢᠯᠠᠯ᠂ ᠰᠣᠨᠢᠨ ᠮᠡᠳᠡᠭᠡᠨ ᠤ  ᠵᠠᠭᠤᠴᠢᠯᠠᠭᠤᠷ ᠵᠢᠴᠢ ᠡᠯ᠎ᠡ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠬᠴᠢ ᠵᠡᠷᠭᠡ 150 ᠭᠠᠷᠤᠢ ᠬᠥᠮᠥᠨ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号