ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ︽ᠲᠣᠷᠭᠠᠨ ᠵᠠᠮ ᠤᠨ ᠤᠷᠠᠨ ᠬᠠᠳᠬᠤᠮᠠᠯ · ᠤᠮᠠᠷᠠᠲᠤ ᠬᠢᠯᠢ ᠶᠢᠨ ᠤᠬᠠᠭᠠᠨᠲᠤ ᠪᠦᠰᠡᠭᠦᠢ︾ ᠥᠵᠡᠰᠭᠦᠯᠡᠩ ᠦᠵᠡᠭᠴᠢᠳ ᠲᠠᠢ ᠵᠣᠯᠭᠠᠯ᠎ᠠ
ᠨᠡᠶᠢᠲᠡᠯᠡᠭᠰᠡᠨ ᠴᠠᠭ᠄
2023/9/7
     9 ᠰᠠᠷ᠎ᠠ ᠶᠢᠨ 6 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ︽ᠲᠣᠷᠭᠠᠨ ᠵᠠᠮ ᠤᠨ ᠤᠷᠠᠨ ᠬᠠᠳᠬᠤᠮᠠᠯ·ᠤᠮᠠᠷᠠᠲᠤ ᠬᠢᠯᠢ ᠶᠢᠨ ᠤᠬᠠᠭᠠᠨᠲᠤ ᠪᠦᠰᠡᠭᠦᠢ︾  ᠥᠵᠡᠰᠭᠦᠯᠡᠩ  ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ  ᠭᠤᠶᠢᠳᠠ ᠰᠠᠶᠢᠬᠠᠨ ᠡᠬᠢᠯᠡᠪᠡ᠃      ᠲᠣᠰ ᠥᠵᠡᠰᠭᠦᠯᠡᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠮᠣᠩᠭᠤᠯ ᠤᠨ ᠡᠮᠡᠭᠲᠡᠶᠢᠴᠦᠳ ᠤᠨ ᠰᠣᠶᠣᠯ ᠤᠨ  ᠪᠦᠲᠦᠭᠡᠯᠴᠢ ᠦᠢᠯᠡᠳᠬᠦᠨ ᠤ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠴᠢᠩᠭᠠᠳᠬᠠᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢ ᠡᠷᠭᠦᠬᠦ ᠶᠢ ᠵᠣᠷᠢᠵᠠᠢ᠃ ᠦᠵᠡᠭᠦᠯᠭᠡ ᠨᠢ ᠭᠤᠶᠢᠳᠠ ᠰᠠᠶᠢᠬᠠᠨ ᠬᠠᠳᠬᠤᠮᠠᠯ ᠤᠨ ᠪᠦᠲᠦᠭᠡᠯ᠂ ᠢᠮᠠᠭᠠᠨ ᠨᠣᠣᠯᠣᠭᠤᠷ ᠤᠨ ᠪᠦᠲᠦᠭᠡᠭᠳᠡᠬᠦᠨ᠂ ᠤᠷᠠᠨ ᠳᠠᠷᠬᠠᠨ ᠤ ᠥᠪᠡᠷᠮᠢᠴᠡ ᠣᠨᠴᠠᠯᠢᠭ ᠲᠠᠢ ᠭᠠᠷ ᠤᠷᠠᠯᠠᠯ ᠤᠨ ᠪᠦᠲᠦᠭᠡᠭᠳᠡᠬᠦᠨ ᠢ ᠳᠡᠯᠭᠡᠨ ᠦᠵᠡᠭᠦᠯᠭᠦ ᠪᠠᠷ ᠳᠠᠮᠵᠢᠭᠤᠯᠤᠨ᠂ ᠳᠡᠯᠡᠬᠡᠢ ᠳ᠋ᠠᠬᠢᠨ ᠳᠤ ᠥᠪᠥᠷ ᠮᠣᠩᠭᠤᠯ ᠤᠨ ᠡᠮᠡᠭᠲᠡᠶᠢᠴᠦᠳ ᠤᠨ ᠭᠠᠷ ᠤᠷᠠᠯᠠᠯ ᠤᠨ ᠪᠦᠲᠦᠭᠡᠭᠳᠡᠬᠦᠨ ᠤ ᠷᠢᠳᠢ ᠰᠢᠳᠢ ᠪᠠ ᠦᠨ᠎ᠡ ᠥᠷᠲᠡᠭ ᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠡᠮᠡᠭᠲᠡᠶᠢᠴᠦᠳ ᠤᠨ ᠭᠠᠷ ᠤᠷᠠᠯᠠᠯ ᠤᠨ ᠪᠦᠲᠦᠭᠡᠭᠳᠡᠬᠦᠨ ᠤ ᠠᠵᠤ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠪᠣᠯᠣᠨ᠎ᠠ᠃      ᠥᠵᠡᠰᠭᠦᠯᠡᠩ ᠨᠢ ᠲᠣᠭᠲᠠᠩᠭᠤᠢ ᠪᠠ ᠬᠥᠳᠡᠯᠦᠩᠭᠦᠢ ᠭᠡᠯᠪᠡᠷᠢ ᠶᠢ ᠤᠶᠠᠯᠳᠤᠭᠤᠯᠵᠤ᠂ ᠥᠪᠥᠷ ᠮᠣᠩᠭᠤᠯ ᠤᠨ ᠥᠷᠭᠡᠨ ᠣᠯᠠᠨ ᠡᠮᠡᠭᠲᠡᠶᠢᠴᠦᠳ ᠤᠨ ᠰᠣᠶᠣᠯ ᠤᠨ ᠤᠯᠠᠮᠵᠢᠯᠠᠯ ᠪᠠ ᠪᠣᠳᠠᠰ ᠤᠨ ᠪᠤᠰᠤ ᠰᠣᠶᠣᠯ ᠤᠨ ᠥᠪ ᠤᠨ  ᠪᠦᠲᠦᠭᠡᠯᠴᠢ ᠦᠢᠯᠡᠳᠬᠦᠨ ᠤ ᠦᠷ᠎ᠡ ᠪᠦᠲᠦᠭᠡᠯ ᠢ ᠳᠡᠯᠭᠡᠨ ᠦᠵᠡᠭᠦᠯᠪᠡ᠃  ᠲᠣᠭᠲᠠᠩᠭᠤᠢ ᠥᠵᠡᠰᠭᠦᠯᠡᠩ ᠨᠢ ︽ᠤᠮᠠᠷᠠᠲᠤ ᠬᠢᠯᠢ ᠶᠢᠨ ᠲᠣᠷᠭᠠᠨ ᠵᠠᠮ·ᠡᠮᠡᠭᠲᠡᠶᠢᠴᠦᠳ ᠤᠨ ᠬᠦᠴᠦᠨ︾᠂ ︽ᠤᠮᠠᠷᠠᠲᠤ ᠬᠢᠯᠢ ᠶᠢᠨ ᠤᠷᠠᠨ ᠬᠠᠳᠬᠤᠮᠠᠯ·ᠪᠦᠯᠬᠦᠮᠳᠡᠯ ᠨᠢᠭᠲᠠᠷᠠᠯ︾᠂︽ᠤᠮᠠᠷᠠᠲᠤ ᠬᠢᠯᠢ ᠶᠢᠨ ᠪᠣᠳᠠᠰ ᠤᠨ ᠪᠤᠰᠤ ᠰᠣᠶᠣᠯ ᠤᠨ ᠥᠪ ·ᠤᠯᠠᠮᠵᠢᠯᠠᠯ ᠵᠠᠯᠭᠠᠮᠵᠢᠯᠠᠯ︾᠂ ︽ᠤᠮᠠᠷᠠᠲᠤ ᠬᠢᠯᠢ ᠶᠢᠨ ᠪᠦᠰᠡᠭᠦᠶᠢᠴᠦᠳ ᠤᠨ ᠤᠶᠤᠨ ᠤᠬᠠᠭᠠᠨ·ᠲᠦᠷᠦᠯ ᠲᠡᠮᠳᠡᠭ︾ ᠵᠡᠷᠭᠡ ᠳᠥᠷᠪᠡᠨ ᠬᠡᠰᠡᠭ ᠬᠤᠪᠢᠶᠠᠵᠤ᠂ ᠪᠦᠭᠦ ᠣᠷᠣᠨ ᠤ 12 ᠠᠶᠢᠮᠠᠭ ᠬᠤᠲᠠ ᠶᠢᠨ 1000 ᠭᠠᠷᠤᠢ ᠢᠵᠢ ᠭᠠᠷ ᠤᠷᠠᠯᠠᠯ ᠬᠤᠪᠴᠠᠰᠤ ᠵᠠᠰᠠᠯ ᠵᠢᠴᠢ ᠰᠣᠶᠣᠯ ᠤᠨ ᠪᠦᠲᠦᠭᠡᠯᠴᠢ ᠦᠢᠯᠡᠳᠬᠦᠨ ᠢ ᠳᠡᠯᠭᠡᠨ ᠦᠵᠡᠭᠦᠯᠪᠡ᠃ ᠬᠥᠳᠡᠯᠦᠩᠭᠦᠢ ᠥᠵᠡᠰᠭᠦᠯᠡᠩ ᠨᠢ ᠵᠡᠭᠦᠳᠦ ᠵᠡᠷᠭᠡᠯᠭᠡᠨᠲᠦ ᠲᠣᠷᠭᠠᠨ ᠵᠠᠮ᠂ ᠤᠮᠠᠷᠠᠲᠤ ᠬᠢᠯᠢ ᠶᠢᠨ ᠤᠬᠠᠭᠠᠨᠲᠤ ᠪᠦᠰᠡᠭᠦᠢ᠂  ᠲᠣᠷᠭᠠᠨ ᠵᠠᠮ ᠤᠨ ᠤᠷᠠᠨ ᠬᠠᠳᠬᠤᠮᠠᠯ ᠭᠡᠬᠦ ᠭᠤᠷᠪᠠᠨ ᠬᠡᠰᠡᠭ ᠬᠤᠪᠢᠶᠠᠵᠤ᠂ ᠠᠬᠤᠢ ᠲᠠᠯᠠᠪᠠᠢ ᠳᠤ ᠮᠣᠲᠧᠯ ᠨᠠᠷ ᠢᠮᠠᠭᠠᠨ ᠨᠣᠣᠯᠣᠭᠤᠷ ᠤᠨ ᠨᠡᠷᠡᠲᠦ ᠲᠡᠮᠳᠡᠭᠲᠦ ᠬᠤᠪᠴᠠᠰᠤ ᠵᠠᠰᠠᠯ᠂ ᠤᠮᠠᠷᠠᠲᠤ ᠬᠢᠯᠢ ᠶᠢᠨ ᠪᠦᠰᠡᠭᠦᠢ ᠨᠡᠷᠡᠮᠵᠢᠳᠦ ᠰᠢᠨ᠎ᠡ ᠤᠷᠤᠰᠬᠠᠯ ᠤᠨ  ᠬᠤᠪᠴᠠᠰᠤ ᠵᠠᠰᠠᠯ ᠵᠡᠷᠭᠡ ᠶᠢ ᠳᠡᠯᠭᠡᠨ ᠦᠵᠡᠭᠦᠯᠵᠦ᠂ ᠥᠷᠭᠡᠨ ᠣᠯᠠᠨ ᠡᠮᠡᠭᠲᠡᠶᠢᠴᠦᠳ ᠤᠨ ᠠᠮᠢᠳᠤᠷᠠᠯ ᠳᠤ ᠬᠠᠶᠢᠷᠠᠲᠠᠢ᠂ ᠴᠠᠭ ᠤᠨ ᠤᠷᠤᠰᠬᠠᠯ ᠢ ᠬᠥᠲᠥᠯᠥᠨ ᠳᠠᠭᠠᠭᠤᠯᠵᠤ ᠪᠠᠶᠢᠬᠤ᠂ ᠰᠠᠶᠢᠨ ᠰᠠᠶᠢᠬᠠᠨ ᠢ  ᠬᠥᠭᠡᠭᠡᠴᠡᠯᠳᠦᠬᠦ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠥᠵᠡᠰᠭᠦᠯᠡᠩ  9 ᠰᠠᠷ᠎ᠠ ᠶᠢᠨ 10 ᠤ ᠡᠳᠦᠷ ᠪᠤᠯᠲᠠᠯ᠎ᠠ ᠶᠠᠪᠤᠭᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号