ᠪᠠᠷᠠᠭᠤᠨ ᠤᠯᠠᠭᠠᠨᠪᠤᠯᠠᠭ ᠪᠠᠯᠭᠠᠰᠤ
ᠨᠡᠶᠢᠲᠡᠯᠡᠭᠰᠡᠨ ᠴᠠᠭ᠄
2023/9/7
     ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠤᠨ ᠡᠯ᠎ᠡ ᠵᠦᠢᠯ ᠤᠨ ᠱᠤᠭᠤᠮ ᠴᠢᠭᠯᠡᠯᠲᠡ ᠲᠤᠶᠢᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ᠂ ᠲᠣᠭᠲᠠᠭᠠᠯ ᠢ ᠬᠡᠷᠡᠭᠵᠢᠭᠦᠯᠦᠨ᠎ᠡ︔ ᠬᠠᠷᠢᠶᠠᠲᠤ ᠣᠷᠣᠨ ᠤ ᠳᠣᠲᠣᠷᠠᠬᠢ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠤᠯᠠᠨ ᠲᠦᠮᠡᠨ ᠤ ᠪᠦᠯᠬᠦᠮ ᠵᠡᠷᠭᠡ ᠠᠵᠢᠯ ᠢ ᠬᠠᠷᠢᠭᠤᠴᠠᠨ᠎ᠠ︔ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠲᠠᠯ᠎ᠠ ᠶᠢᠨ ᠠᠵᠢᠯ ᠢ ᠬᠠᠷᠢᠭᠤᠴᠠᠨ᠎ᠠ᠃      ︵ᠭᠤᠷᠪᠠ︶ ᠬᠠᠷᠢᠶᠠᠲᠤ ᠣᠷᠣᠨ ᠤ ᠳᠣᠲᠣᠷᠠᠬᠢ ᠬᠤᠳᠠ ᠶᠢᠨ ᠳᠦᠷᠰᠦ ᠪᠠᠶᠢᠳᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ᠂ ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃      ︵ᠳᠥᠷᠪᠡ︶ ᠨᠡᠶᠢᠭᠡᠮ ᠤᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠬᠠᠷᠢᠶᠠᠲᠤ ᠣᠷᠣᠨ ᠤ ᠳᠣᠲᠣᠷᠠᠬᠢ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠬᠢᠭᠡᠳ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠭᠠᠵᠠᠷ ᠤᠨ ᠬᠠᠷᠢᠴᠠᠭ᠎ᠠ ᠶᠢ ᠵᠣᠬᠢᠴᠠᠭᠤᠯᠵᠤ᠂ ᠰᠠᠭᠤᠭᠠᠯᠢ ᠠᠷᠠᠳ ᠪᠣᠯᠣᠨ ᠬᠠᠷᠢᠶᠠᠲᠤ ᠣᠷᠣᠨ ᠤ ᠳᠣᠲᠣᠷᠠᠬᠢ ᠨᠢᠭᠡᠴᠢ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠦᠢᠯᠡᠴᠢᠯᠡᠭᠡᠨ ᠤ ᠲᠥᠷᠥᠯ ᠵᠦᠢᠯ ᠢ ᠬᠠᠩᠭᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠪᠠ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠬᠠᠮᠵᠢᠨ ᠰᠠᠶᠢᠲᠤᠷ ᠬᠢᠨ᠎ᠡ᠃      ︵ᠲᠠᠪᠤ︶ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠷᠢᠶᠠᠲᠤ ᠣᠷᠣᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠵᠢᠷᠭᠤᠭ᠎ᠠ︶ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠲᠣᠣᠷᠵᠢᠭᠤᠯᠬᠤ ᠠᠵᠢᠯ ᠢ ᠬᠠᠷᠢᠭᠤᠴᠠᠵᠤ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠠᠷᠠᠭᠠᠯᠵᠠᠨ ᠲᠡᠳᠬᠦᠬᠦ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠤᠨ ᠪᠠᠲᠤᠯᠠᠭ᠎ᠠ ᠪᠣᠯᠣᠨ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠨ᠎ᠡ︔ ᠡᠷᠦᠭᠡ ᠶᠢᠨ ᠴᠡᠷᠢᠭ ᠤᠨ ᠪᠣᠯᠪᠠᠰᠤᠷᠠᠯ ᠪᠠ ᠠᠷᠠᠳ ᠢᠷᠭᠡᠳ ᠤᠨ ᠴᠡᠷᠢᠭ ᠤᠨ ᠠᠯᠪᠠ ᠬᠠᠭᠠᠬᠤ᠂ ᠪᠦᠷᠢᠳᠬᠡᠬᠦ ᠵᠡᠷᠭᠡ ᠠᠵᠢᠯ ᠢ ᠬᠠᠪᠰᠤᠷᠤᠨ ᠰᠠᠶᠢᠲᠤᠷ ᠬᠢᠨ᠎ᠡ᠃      ︵ᠲᠤᠯᠤᠭ᠎ᠠ︶ ᠲᠣᠰᠬᠤᠨ ᠤ ᠠᠷᠠᠳ ᠤᠨ ᠵᠥᠪᠯᠡᠯ ᠤᠨ ᠠᠵᠢᠯ ᠢ ᠵᠢᠯᠣᠭᠤᠳᠤᠨ᠎ᠠ᠃      ︵ᠨᠠᠢᠮᠠ︶ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ︵ᠨᠢᠭᠡ︶ ᠳᠣᠲᠣᠭᠠᠳᠤ ᠪᠠᠶᠢᠭᠤᠯᠤᠮᠵᠢ     1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠪᠠᠯᠭᠠᠰᠤ ᠶᠢᠨ ᠨᠠᠮ ᠤᠨ ᠬᠤᠷᠢᠶ᠎ᠠ᠂ ᠪᠠᠯᠭᠠᠰᠤ ᠶᠢᠨ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠯᠪᠠᠨ ᠪᠢᠴᠢᠭ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠵᠦᠢᠯ᠂ ᠳᠠᠩᠰᠠ ᠡᠪᠬᠡᠮᠡᠯ᠂ ᠭᠤᠷᠪᠠᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ︔ ᠪᠠᠯᠭᠠᠰᠤ ᠶᠢᠨ ᠨᠠᠮ ᠤᠨ ᠬᠤᠷᠢᠶ᠎ᠠ᠂ ᠪᠠᠯᠭᠠᠰᠤ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢ ᠰᠢᠪᠠᠳᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠶᠠᠪᠤᠳᠠᠯ ᠵᠡᠷᠭᠡ ᠠᠵᠢᠯ ᠢ ᠬᠠᠷᠢᠭᠤᠴᠠᠨ᠎ᠠ᠃      2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠵᠡᠷᠭᠡ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠤᠨ ᠪᠠ  ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ᠂ ᠠᠷᠠᠳ ᠤᠨ ᠵᠡᠪᠰᠡᠭᠲᠦ ᠬᠦᠴᠦᠨ ᠵᠡᠷᠭᠡ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠬᠤ ᠵᠡᠷᠭᠡ ᠠᠵᠢᠯ ᠢ ᠬᠠᠷᠢᠭᠤᠴᠠᠨ᠎ᠠ᠃      3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠢ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃      4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠬᠠᠷᠢᠶᠠᠲᠤ ᠣᠷᠣᠨ ᠤ ᠠᠵᠢᠯ ᠬᠦᠯᠢᠶᠡᠭᠰᠡᠳ᠂ ᠠᠵᠢᠯ ᠤᠨ ᠪᠠᠶᠢᠷᠢ ᠠᠴᠠ ᠪᠠᠨ ᠪᠠᠭᠤᠭᠰᠠᠨ ᠠᠵᠢᠯᠲᠠᠨ ᠠᠵᠢᠯᠴᠢᠨ ᠢ ᠳᠠᠩᠰᠠᠯᠠᠬᠤ᠂ ᠬᠠᠮᠢᠶᠠᠷᠬᠤ᠂ ᠰᠤᠷᠭᠠᠨ ᠬᠥᠮᠥᠵᠢᠭᠦᠯᠬᠦ ᠪᠠ ᠲᠧᠭᠨᠢᠭ ᠮᠡᠷᠭᠡᠵᠢᠯ ᠤᠨ ᠪᠣᠯᠪᠠᠰᠤᠷᠠᠯ ᠬᠢᠯᠭᠡᠬᠦ ᠶᠢ ᠬᠠᠷᠢᠭᠤᠴᠠᠵᠤ᠂ ᠠᠵᠢᠯ ᠣᠯᠭᠤᠬᠤ ᠠᠵᠢᠯ ᠢ ᠰᠠᠶᠢᠲᠤᠷ ᠬᠢᠨ᠎ᠡ︔ ᠨᠡᠶᠢᠭᠡᠮ ᠤᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠭᠠᠵᠠᠷ ᠤᠨ ᠬᠠᠷᠢᠴᠠᠭ᠎ᠠ ᠶᠢ ᠵᠣᠬᠢᠴᠠᠭᠤᠯᠵᠤ᠂ ᠲᠣᠰᠬᠤᠨ ᠤ ᠠᠷᠠᠳ᠂ ᠰᠠᠭᠤᠭᠠᠯᠢ ᠠᠷᠠᠳ ᠪᠠ ᠬᠠᠷᠢᠶᠠᠲᠤ ᠣᠷᠣᠨ ᠤ ᠳᠣᠲᠣᠷᠠᠬᠢ ᠨᠢᠭᠡᠴᠢ ᠳᠤ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠤᠯᠪᠣᠭᠳᠠᠯ ᠪᠦᠬᠦᠢ ᠦᠢᠯᠡᠴᠢᠯᠡᠭᠡᠨ ᠤ ᠲᠥᠷᠥᠯ ᠵᠦᠢᠯ ᠢ ᠬᠠᠩᠭᠠᠨ᠎ᠠ︔ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠲᠣᠣᠷᠵᠢᠭᠤᠯᠬᠤ ᠠᠵᠢᠯ ᠢ ᠬᠠᠷᠢᠭᠤᠴᠠᠵᠤ᠂ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠤ᠂ ᠬᠠᠷᠠᠭᠠᠯᠵᠠᠨ ᠲᠡᠳᠬᠦᠬᠦ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠤᠨ ᠪᠠᠲᠤᠯᠠᠭ᠎ᠠ ᠪᠣᠯᠣᠨ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠨ᠎ᠡ᠃      5. ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠷᠢᠶᠠᠲᠤ ᠣᠷᠣᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠨᠠᠰᠤᠨ ᠳᠤ ᠦᠯᠦ ᠬᠦᠷᠦᠭᠰᠡᠳ᠂ ᠥᠨᠥᠴᠢᠨ ᠬᠡᠦᠬᠡᠳ᠂ ᠵᠡᠮᠳᠡᠭᠴᠦᠳ᠂ ᠨᠠᠰᠤᠲᠠᠶᠢᠴᠤᠳ ᠵᠡᠷᠭᠡ ᠣᠨᠴᠠᠭᠠᠶ ᠬᠦᠴᠢᠷᠳᠡᠯ ᠲᠠᠢ ᠬᠠᠮᠲᠤᠯᠢᠭ ᠵᠢᠴᠢ ᠪᠤᠰᠤᠳ ᠲᠣᠰᠬᠤᠨ ᠤ ᠠᠷᠠᠳ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠨᠡᠶᠢᠭᠡᠮ ᠲᠣᠭᠤᠷᠢᠭ ᠤᠨ ᠵᠠᠰᠠᠮᠵᠢᠯᠠᠬᠤ ᠬᠥᠮᠥᠰ ᠤᠨ ᠬᠠᠮᠢᠶᠠᠷᠤᠯᠲᠠ ᠪᠠ ᠬᠥᠮᠦᠵᠢᠯ ᠢ ᠴᠢᠩᠭᠠᠳᠬᠠᠨ᠎ᠠ᠃     6. ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠠᠷᠢᠶᠠᠲᠤ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠣᠯᠠᠨ ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠪᠣᠯᠪᠠᠰᠤᠨ ᠬᠤᠲᠠ ᠪᠠ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠦᠭᠡᠢ ᠦᠢᠯᠡᠳᠪᠦᠷᠢᠯᠡᠯ᠂ ᠬᠠᠭᠤᠴᠢᠨ ᠰᠠᠭᠤᠭᠠᠯᠢ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ︔ ᠬᠠᠷᠢᠶᠠᠲᠤ ᠣᠷᠣᠨ ᠤ ᠳᠣᠲᠣᠷᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ᠂ ᠬᠠᠷᠢᠶᠠᠲᠤ ᠣᠷᠣᠨ ᠤ ᠳᠣᠲᠣᠷᠠᠬᠢ ᠰᠠᠭᠤᠭᠠᠯᠢ ᠲᠣᠭᠤᠷᠢᠭ ᠤᠨ ᠲᠥᠯᠦᠪᠵᠢᠭᠦᠯᠭᠡ ᠶᠢ ᠰᠢᠯᠭᠠᠨ ᠠᠪᠬᠤ ᠪᠠ ᠠᠯᠪᠠᠨ ᠠᠴᠠ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ᠃      ︵ᠬᠤᠶᠠᠷ︶ ᠳᠡᠳ᠋ ᠰᠠᠯᠠᠭᠠᠨ ᠤ ᠱᠠᠲᠤᠨ ᠤ ᠠᠵᠢᠯ ᠦᠢᠯᠡᠰ ᠤᠨ ᠪᠠᠶᠢᠭᠤᠯᠤᠮᠵᠢ      1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶᠃ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶᠠᠲᠤ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠬᠤ ᠪᠠ ᠦᠢᠯᠡᠴᠢᠯᠡᠬᠦ ᠶᠢ ᠬᠠᠷᠢᠭᠤᠴᠠᠨ᠎ᠠ︔ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠦᠢᠯᠡᠴᠢᠯᠡᠬᠦ ᠴᠢᠳᠠᠮᠵᠢ ᠶᠢᠨ ᠲᠥᠯᠦᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠶᠡᠷᠦᠩᠬᠡᠶᠢᠯᠡᠭᠰᠡᠨ ᠬᠢᠨᠠᠨ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠳᠡᠮᠵᠢᠯᠭᠡ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠢ ᠠᠵᠢᠯ ᠢ ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃      3. ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ᠃ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠲᠧᠭᠨᠢᠭ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠭᠤᠷᠪᠠ᠂ ᠠᠵᠢᠯᠯᠠᠬᠤ ᠬᠠᠶ᠋ᠢᠭ᠄ ᠪᠠᠷᠠᠭᠤᠨ ᠤᠯᠠᠭᠠᠨᠪᠤᠯᠠᠭ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30      ᠲᠠᠪᠤ᠂ ᠤᠲᠠᠰᠤ᠄ 0471 ︱ 8866048      ᠵᠢᠷᠭᠤᠭ᠎ᠠ᠂ ᠬᠠᠷᠢᠭᠤᠴᠠᠯᠭᠠᠲᠠᠨ᠄ ᠯᠢ ᠳ᠋ᠦᠩ ᠱᠧᠩ᠂ ᠵᠧᠦ ᠴᠢᠶᠠᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号