︽ᠨᠠᠮ ᠪᠣᠯᠣᠨ ᠵᠠᠰᠠᠭ ᠤᠨ ᠣᠷᠳᠣᠨ ᠤ ᠰᠠᠶᠢᠨ ᠲᠦᠷᠦ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ᠂ | ᠪᠢᠳᠡᠨ ᠳᠤ ᠪᠠᠶᠢᠩᠭᠤ ᠶᠢᠨ ᠴᠠᠭᠢᠯᠭᠠᠨ ᠨᠠᠪᠲᠠᠷᠡᠭᠦᠯᠵᠦ᠂ ᠬᠤᠳᠳᠤᠭ ᠥᠷᠥᠮᠳᠡᠵᠦ ᠥᠭᠴᠡᠢ᠃ ᠡᠨᠡ ᠵᠢᠯ ᠤᠨ 5 | ᠰᠠᠷ᠎ᠠ ᠠᠴᠠ ᠰᠡᠭᠦᠯᠡᠷ᠂ ᠲᠠᠭᠢᠵᠦ 8 ᠺᠢᠯᠣᠮᠧᠲᠷ ᠤᠨ ᠴᠠᠭᠠᠨ᠎ᠠ ᠠᠴᠠ ᠤᠰᠤ ᠲᠠᠲᠠᠬᠤ ᠴᠢᠬᠤᠯᠠ ᠦᠭᠡᠢ ᠪᠣᠯᠵᠠᠢ︾ | ᠭᠡᠵᠦ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠮᠠᠯᠴᠢᠨ ᠪᠠᠶᠠᠷᠲᠠᠢ ᠬᠡᠯᠡᠨ᠎ᠡ᠃ | ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠠᠯᠪᠠᠨ ᠭᠡᠷ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠵᠤ᠂ ᠬᠢᠯᠢ ᠳᠠᠭᠠᠤ ᠣᠷᠣᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠢ ᠳᠠᠭᠠᠤ ᠣᠷᠣᠨ ᠤ ︽ᠤᠰᠤ | ᠴᠠᠭᠢᠯᠭᠠᠨ ᠵᠠᠮ ᠨᠡᠪᠲᠡᠷᠡᠯᠭᠡ ᠴᠢᠮᠡᠭᠡ ᠬᠤᠯᠪᠤᠭ᠎ᠠ︾ ᠶᠢᠨ ᠰᠠᠭᠤᠷᠢ ᠲᠥᠬᠦᠭᠡᠷᠦᠮᠵᠢ ᠶᠢ ᠴᠡᠷᠢᠭ ᠠᠩᠭᠢ ᠪᠠ ᠣᠷᠣᠨ | ᠨᠤᠲᠤᠭ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠤ | ᠬᠤᠷᠢᠶᠠᠩᠭᠤᠢ ᠳᠦᠷᠰᠦ ᠪᠣᠯᠣᠨ᠎ᠠ᠃ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠯᠪᠠᠨ ᠭᠡᠷ ᠨᠢᠭᠡᠳᠦᠯᠲᠡᠢ | ᠲᠥᠯᠥᠪᠵᠢᠭᠦᠯᠦᠨ ᠵᠢᠯᠤᠭᠤᠳᠬᠤ᠂ ᠵᠣᠬᠢᠴᠠᠭᠤᠯᠤᠨ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ | ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠪᠠᠷ ᠵᠠᠮ ᠨᠡᠭᠡᠭᠡᠬᠦ ᠶᠢ ᠪᠠᠷᠢᠮᠲᠠᠯᠠᠵᠤ᠂ ᠬᠢᠯᠢ ᠳᠠᠭᠠᠤ ᠣᠷᠣᠨ ᠤ | ︽ᠬᠥᠨᠳᠡᠶᠢᠷᠡᠭᠰᠡᠨ︾ ᠪᠠ ︽ᠤᠰᠤ ᠴᠠᠭᠢᠯᠭᠠᠨ ᠵᠠᠮ ᠨᠡᠪᠲᠡᠷᠡᠯᠭᠡ ᠴᠢᠮᠡᠭᠡ ᠬᠤᠯᠪᠤᠭ᠎ᠠ︾ ᠰᠠᠭᠠᠳ ᠲᠠᠢ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ᠂ ᠤᠳᠤᠷᠢᠳᠬᠤ ᠪᠠᠭ ᠤᠨ ᠪᠦᠷᠢᠯᠳᠦᠭᠦᠨ ᠤᠯᠠᠨ ᠤᠳᠠᠭ᠎ᠠ | ᠠᠩᠭᠢ ᠳᠠᠭᠠᠭᠤᠯᠤᠨ ᠬᠢᠯᠢ ᠬᠢᠵᠠᠭᠠᠷ ᠤᠨ ᠠᠶᠢᠮᠠᠭ ᠬᠤᠳᠠ ᠪᠠ ᠬᠢᠯᠢ ᠬᠢᠵᠠᠭᠠᠷ ᠤᠨ ᠬᠤᠰᠢᠭᠤ ᠰᠢᠶᠠᠨ ᠳᠤ | ᠭᠦᠨᠵᠡᠭᠡᠶᠢᠷᠡᠵᠦ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠬᠢᠯᠢ ᠬᠢᠵᠠᠭᠠᠷ ᠤᠨ ᠲᠣᠮᠢᠯᠠᠭᠰᠠᠨ ᠰᠠᠯᠪᠤᠷᠢ ᠵᠢᠴᠢ | ᠰᠠᠭᠤᠭᠠᠯᠢ ᠡᠷᠦᠭᠡ ᠪᠠ ᠬᠢᠯᠢ ᠬᠠᠮᠠᠭᠠᠯᠠᠭᠴᠢ ᠶᠢᠨ ᠭᠡᠷ ᠢᠶᠠᠷ ᠬᠦᠷᠴᠦ᠂ ᠪᠠᠶᠢᠳᠠᠯ ᠢ ᠣᠶᠢᠯᠠᠭᠠᠨ᠂ ᠠᠰᠠᠭᠤᠳᠠᠯ ᠢ | ᠣᠨᠣᠪᠴᠢᠲᠠᠢ ᠡᠷᠢᠪᠡ᠃ ᠬᠢᠯᠢ ᠳᠠᠭᠠᠤ ᠣᠷᠣᠨ ᠤ ︽ᠤᠰᠤ ᠴᠠᠭᠢᠯᠭᠠᠨ ᠵᠠᠮ ᠨᠡᠪᠲᠡᠷᠡᠯᠭᠡ ᠴᠢᠮᠡᠭᠡ ᠬᠤᠯᠪᠤᠭ᠎ᠠ︾ ᠶᠢᠨ | ᠰᠠᠭᠤᠷᠢ ᠲᠥᠬᠦᠭᠡᠷᠦᠮᠵᠢ ᠶᠢ ᠴᠡᠷᠢᠭ ᠠᠩᠭᠢ ᠪᠠ ᠣᠷᠣᠨ ᠨᠤᠲᠤᠭ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ᠢ ᠰᠤᠳᠤᠯᠤᠨ ᠲᠣᠭᠲᠠᠭᠠᠬᠤ ᠶᠢᠨ ᠬᠠᠮᠲᠤ᠂ ᠠᠵᠢᠯ | ᠲᠥᠷᠥᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠢᠯᠢ ᠳᠠᠭᠠᠤ ᠶᠢᠨ 7 ᠠᠶᠢᠮᠠᠭ ᠬᠤᠲᠠ ᠵᠢᠴᠢ ᠬᠤᠰᠢᠭᠤ | ᠰᠢᠶᠠᠨ ᠤ ᠬᠢᠯᠢ ᠶᠢᠨ ᠮᠠᠯᠵᠢᠬᠤ ᠣᠷᠣᠨ᠂ ᠬᠢᠯᠢ ᠶᠢᠨ ᠬᠠᠮᠠᠭᠠᠯᠠᠯᠲᠠ ᠶᠢᠨ ᠰᠤᠮᠤᠨ ᠠᠩᠭᠢ ᠳᠤ ᠭᠦᠨᠵᠡᠭᠡᠶᠢᠷᠡᠨ | ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠴᠤ᠂ ᠬᠢᠯᠢ ᠶᠢᠨ | ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠪᠣᠯᠣᠨ ᠬᠢᠯᠢ ᠶᠢᠨ ᠮᠠᠯᠴᠢᠨ ᠲᠠᠷᠢᠶᠠᠴᠢᠳ ᠲᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠲᠡᠬᠡᠨ ᠬᠦᠷᠲᠡᠭᠡᠬᠦ ᠪᠠᠷ ᠪᠤᠢ᠃ | ᠬᠡᠷᠡᠭᠴᠡᠭᠡ ᠶᠢ ᠣᠨᠢᠯᠠᠵᠤ᠂ ᠬᠠᠷᠠᠯᠲᠠ ᠲᠠᠢ ᠪᠠᠷ ᠬᠦᠴᠦᠯᠡᠵᠦ᠂ ᠣᠨᠣᠴᠠᠲᠠᠢ ᠪᠠᠷ ᠠᠰᠠᠭᠤᠳᠠᠯ ᠢ | ᠰᠢᠢᠳᠪᠦᠷᠢᠯᠡᠪᠡ᠃ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠣᠳᠠᠲᠠᠢ ᠬᠦᠴᠢᠷᠳᠡᠯ ᠢ | ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠴᠡᠷᠢᠭ ᠴᠠᠭᠳᠠᠭ᠎ᠠ ᠶᠢᠨ ᠵᠢᠵᠢᠭᠦᠷ ᠪᠣᠯᠪᠠᠰᠤᠷᠠᠯ ᠠᠮᠢᠳᠤᠷᠠᠯ ᠤᠨ | ᠪᠣᠳᠠᠲᠠᠢ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ | ᠠᠯᠪᠠᠨ ᠭᠡᠷ ᠠᠴᠠ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠳᠤ 10 ᠪᠣᠳᠠᠲᠤ ᠶᠠᠪᠤᠳᠠᠯ ᠬᠢᠵᠦ ᠥᠭᠬᠦ ᠪᠠᠷ | ᠲᠣᠭᠲᠠᠪᠠ᠄ ᠵᠠᠭᠤᠨ ᠲᠠᠯᠠᠪᠤᠷ ︽ᠰᠣᠶᠣᠯ ᠤᠷᠠᠯᠢᠭ ᠢ ᠮᠢᠩᠭᠠᠨ ᠭᠠᠵᠠᠷ ᠤᠨ ᠠᠯᠤᠰ ᠠᠴᠠ ᠬᠢᠯᠢ ᠶᠢᠨ | ᠬᠠᠮᠠᠭᠠᠯᠠᠯᠲᠠ ᠳᠤ ᠬᠦᠷᠭᠡᠬᠦ︾ ᠰᠢᠷᠢᠰ ᠲᠣᠬᠤᠨᠢᠭᠤᠯᠬᠤ ᠲᠣᠬᠯᠠᠯᠲᠠ ᠭᠠᠷᠭᠠᠨ᠎ᠠ︔ ᠴᠡᠷᠢᠭ ᠠᠩᠭᠢ ᠪᠠ ᠣᠷᠣᠨ | ᠨᠤᠲᠤᠭ ᠤᠨ ᠡᠮᠴᠢᠯᠡᠭᠡᠨ ᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠴᠡᠷᠢᠭ | ᠠᠩᠭᠢ ᠶᠢᠨ ᠳᠠᠷᠤᠭ᠎ᠠ ᠪᠠᠶᠢᠯᠳᠤᠭᠴᠢ᠂ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ᠂ ᠬᠢᠯᠢ | ᠬᠠᠮᠠᠭᠠᠯᠠᠭᠴᠢ ᠳᠤ ᠪᠦᠭᠦᠨ ᠢ ᠬᠠᠮᠤᠷᠤᠭᠰᠠᠨ ᠠᠯᠪᠠᠨ ᠵᠢᠷᠤᠮ ᠤᠨ ᠲᠣᠭᠤᠷᠢᠨ ᠡᠮᠨᠡᠬᠦ ᠠᠵᠢᠯᠯᠠᠭ᠎ᠠ ᠥᠷᠨᠢᠭᠦᠯᠦᠨ᠎ᠡ︔ | ᠨᠢᠭᠡᠨ ᠴᠡᠷᠢᠭ ᠠᠩᠭᠢ ᠶᠢᠨ ᠬᠤᠸᠠᠷᠠᠨ ᠤ ᠤᠰᠤ ᠴᠠᠭᠢᠯᠭᠠᠨ ᠰᠢᠲᠠᠮᠠᠬᠠᠢ ᠬᠡᠢ ᠢᠯᠴᠢ ᠶᠢ ᠬᠤᠲᠠ ᠶᠢᠨ ᠶᠠᠪᠤᠳᠠᠯ ᠤᠨ | ᠬᠤᠭᠤᠯᠠᠢ ᠲᠣᠣᠷ ᠲᠤ ᠣᠷᠣᠭᠤᠯᠦᠨᠡ︔ ᠨᠢᠭᠡᠨ ᠬᠢᠯᠢ ᠶᠢᠨ ᠪᠠᠶᠢᠴᠠᠭᠠᠯᠲᠠ ᠶᠢᠨ ᠲᠣᠮᠢᠯᠠᠭᠰᠠᠨ ᠰᠠᠯᠪᠤᠷᠢ ᠶᠢᠨ | ᠴᠠᠭᠢᠯᠭᠠᠨ ᠲᠣᠣᠷ ᠢ ᠥᠭᠡᠷᠡᠴᠢᠯᠡᠨ᠎ᠡ︔ ᠮᠠᠨ ᠤ ᠣᠷᠣᠨ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠴᠡᠷᠢᠭ | ᠠᠩᠭᠢ ᠶᠢᠨ ᠠᠯᠤᠰ ᠡᠮᠴᠢᠯᠡᠭᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠨ᠎ᠡ︔ ᠨᠢᠭᠡᠨ | ᠰᠠᠭᠤᠷᠢᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠪᠡᠶᠡᠴᠢᠯᠡᠨ ᠣᠶᠢᠯᠠᠭᠠᠬᠤ ᠣᠷᠳᠣᠨ ᠤ ᠲᠥᠷᠥᠯ ᠵᠦᠢᠯ ᠢ ᠲᠡᠮᠵᠢᠨ᠎ᠡ︔ ᠨᠢᠭᠡᠨ ᠬᠢᠯᠢ ᠶᠢᠨ | ᠪᠠᠶᠢᠴᠠᠭᠠᠬᠤ ᠥᠷᠲᠡᠭᠡ ᠶᠢᠨ ᠪᠠᠶᠢᠴᠠᠭᠠᠨ ᠰᠢᠯᠭᠠᠬᠤ ᠲᠣᠭᠤᠷᠢᠭ ᠢ ᠪᠠᠶᠢᠭᠤᠯᠤᠨ᠎ᠠ︔ ᠨᠢᠭᠡᠨ ᠰᠠᠭᠤᠷᠢᠨ ᠤ | ᠰᠢᠨ᠎ᠡ ᠪᠠᠷ ᠪᠠᠶᠢᠭᠤᠯᠤᠭᠰᠠᠨ ᠬᠤᠸᠠᠷᠠᠨ ᠤ ᠬᠠᠮᠠᠭᠠᠯᠠᠯᠲᠠ ᠶᠢᠨ ᠤᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ︔ | ᠮᠠᠨ ᠤ ᠣᠷᠣᠨ ᠳᠤ ᠰᠠᠭᠤᠭ᠎ᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠬᠢᠯᠢ ᠶᠢᠨ ᠲᠣᠮᠢᠯᠠᠭᠰᠠᠨ | ᠰᠠᠯᠪᠤᠷᠢ ᠳᠤ ᠨᠡᠭᠦᠳᠡᠯ ᠵᠢᠵᠢᠭᠦᠷᠯᠡᠬᠦ ᠭᠡᠷ ᠲᠣᠬᠢᠷᠠᠭᠤᠯᠵᠤ ᠥᠭᠭᠦᠨ᠎ᠡ︔ ᠬᠢᠯᠢ ᠶᠢᠨ ᠬᠠᠮᠠᠭᠠᠯᠠᠯᠲᠠ ᠶᠢᠨ ᠨᠢᠭᠡᠨ | ᠴᠡᠷᠢᠭ ᠠᠨᠬᠭᠢ ᠶᠢᠨ ᠲᠡᠮᠦᠷ ᠲᠣᠣᠷ ᠢ ᠳᠡᠰ ᠳᠡᠪᠰᠢᠭᠦᠯᠦᠨ ᠥᠭᠡᠷᠡᠴᠢᠯᠡᠨ᠎ᠡ᠃ | ᠡᠭᠦᠨ ᠠᠴᠠ ᠲᠡᠭᠦᠨ ᠳᠤ ᠭᠦᠷᠲᠡᠯ᠎ᠡ᠂ ᠭᠠᠳᠠᠷ ᠠᠴᠠ ᠳᠣᠲᠣᠷ ᠭᠦᠷᠲᠡᠯ᠎ᠡ᠂ ᠦᠨᠡᠨ ᠠᠰᠠᠭᠤᠳᠠᠯ ᠢ | ᠰᠢᠢᠳᠪᠦᠷᠢᠯᠡᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠠᠯᠪᠠᠨ ᠭᠡᠷ ᠬᠢᠯᠢ ᠶᠢᠨ | ᠬᠠᠮᠠᠭᠠᠯᠠᠯᠲᠠ ᠶᠢᠨ ᠲᠣᠭᠲᠠᠭᠤᠨ ᠪᠠᠬᠢᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠢ ᠬᠢᠵᠠᠭᠠᠷ ᠢ ᠰᠠᠬᠢᠵᠤ ᠬᠢᠯᠢ | ᠬᠢᠵᠠᠭᠠᠷ ᠢ ᠪᠠᠬᠢᠵᠢᠭᠦᠯᠬᠦ ᠠᠯᠤᠰ ᠭᠡᠲᠦ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠬᠢᠯᠢ ᠬᠠᠮᠠᠭᠠᠯᠠᠭᠴᠢ ᠶᠢᠨ | ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ᠂ ᠬᠢᠯᠢ ᠬᠠᠮᠠᠭᠠᠯᠠᠭᠴᠢ ᠶᠢ ᠰᠣᠩᠭᠤᠨ ᠬᠡᠷᠡᠭᠯᠡᠬᠦ ᠬᠡᠪᠴᠢᠶ᠎ᠡ ᠶᠢ | ᠥᠷᠭᠡᠳᠬᠡᠵᠦ᠂ ᠬᠢᠯᠢ ᠬᠠᠮᠠᠭᠠᠯᠠᠭᠴᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠦᠨ᠂ ᠬᠢᠯᠢ ᠬᠠᠮᠠᠭᠠᠯᠠᠭᠴᠢ ᠳᠤ ᠨᠥᠬᠦᠪᠦᠷᠢ | ᠥᠭᠬᠦ ᠪᠠᠷᠢᠮᠵᠢᠶ᠎ᠠ ᠶᠢ ᠳᠡᠭᠡᠭᠰᠢᠯᠡᠭᠦᠯᠪᠡ︔ ᠬᠢᠯᠢ ᠬᠠᠮᠠᠭᠠᠯᠠᠭᠴᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠬᠦ ᠶᠢ ᠴᠢᠩᠭᠠᠷᠠᠭᠤᠯᠵᠤ᠂ ᠰᠢᠯᠭᠠᠨ ᠦᠨᠡᠯᠡᠬᠦ ᠬᠠᠮᠢᠶᠠᠷᠤᠯᠲᠠ ᠶᠢᠨ ᠠᠷᠭ᠎ᠠ ᠶᠢ ᠰᠤᠳᠤᠯᠤᠨ ᠨᠡᠶᠢᠲᠡᠯᠡᠵᠦ᠂ | ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠᠷᠢᠮᠵᠢᠶ᠎ᠠ᠂ ᠭᠦᠢᠴᠡᠳᠬᠡᠯ ᠲᠤᠭ᠎ᠠ ᠶᠢᠨ ᠡᠵᠡᠯᠡᠬᠦ ᠬᠤᠪᠢᠳᠠᠯ ᠪᠠ | ᠦᠨᠡᠯᠡᠨ ᠵᠢᠱᠢᠬᠦ ᠪᠠᠷᠢᠮᠵᠢᠶ᠎ᠠ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠬᠠᠮᠢᠶᠠᠷᠤᠨ ᠡᠵᠡᠮᠳᠡᠬᠦ | ᠴᠢᠨᠠᠷ ᠰᠠᠶᠢᠲᠠᠢ ᠪᠠᠷᠢᠮᠵᠢᠶ᠎ᠠ ᠶᠢᠨ ᠰᠢᠰᠲ᠋ᠧᠮ ᠢ ᠲᠣᠭᠲᠠᠭᠠᠪᠠ᠃ ᠬᠢᠯᠢ ᠶᠢᠨ ᠪᠣᠭᠤᠮᠲᠠ ᠶᠢᠨ 4 ᠬᠤᠲᠠ ᠪᠠᠯᠭᠠᠰᠤ ᠶᠢ | ᠰᠣᠩᠭᠤᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠢ | ᠵᠢᠯᠣᠭᠤᠳᠤᠨ ᠬᠡᠷᠡᠭᠵᠢᠭᠦᠯᠬᠦ ᠲᠥᠰᠥᠯ ᠲᠣᠭᠲᠠᠭᠠᠵᠤ᠂ ᠬᠢᠯᠢ ᠶᠢᠨ ᠪᠣᠭᠤᠮᠲᠠ ᠶᠢᠨ ᠬᠤᠲᠠ ᠪᠠᠯᠭᠠᠰᠤ ᠶᠢᠨ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ᠃ | ︽ᠠᠰᠠᠭᠤᠳᠠᠯ ᠤᠨ ᠨᠠᠷᠢᠨ ᠲᠠᠩᠰᠠ︾ ᠶᠢ ︽ᠦᠷ᠎ᠡ ᠪᠦᠲᠦᠭᠡᠯ ᠤᠨ ᠨᠠᠷᠢᠨ ᠲᠠᠩᠰᠠ︾ ᠪᠣᠯᠭᠠᠨ | ᠬᠤᠪᠢᠷᠠᠭᠤᠯᠬᠤ ᠪᠠᠷ ᠴᠢᠷᠮᠠᠶᠢᠪᠠ᠃ ᠣᠳᠣᠬᠠᠨ ᠪᠤᠯᠲᠠᠯ᠎ᠠ᠂ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠳᠤ | ᠭᠦᠢᠴᠡᠳᠬᠡᠬᠦ 10 ᠪᠣᠳᠠᠲᠤ ᠶᠠᠪᠤᠳᠠᠯ ᠤᠨ ᠳᠣᠲᠣᠷᠠᠬᠢ 6 ᠶᠢ ᠨᠢ ᠨᠢᠭᠡᠨᠲᠡ ᠬᠢᠵᠦ ᠳᠠᠭᠤᠰᠬᠠᠵᠤ᠂ ᠪᠤᠰᠤᠳ ᠢ ᠨᠢ | ᠶᠠᠭ ᠲᠠᠰ ᠳᠠᠷᠠᠭᠠᠯᠠᠯ ᠶᠣᠰᠣᠭᠠᠷ ᠠᠬᠢᠭᠤᠯᠵᠤ ᠪᠠᠶᠢᠨ᠎ᠠ︔ ᠬᠢᠯᠢ ᠳᠠᠭᠠᠤ ᠣᠷᠣᠨ ᠤ ︽ᠤᠰᠤ ᠴᠠᠭᠢᠯᠭᠠᠨ ᠵᠠᠮ | ᠨᠡᠪᠲᠡᠷᠡᠯᠭᠡ ᠴᠢᠮᠡᠭᠡ ᠬᠤᠯᠪᠤᠭ᠎ᠠ︾ ᠶᠢᠨ ᠰᠠᠭᠤᠷᠢ ᠲᠥᠬᠦᠭᠡᠷᠦᠮᠵᠢ ᠶᠢᠨ ᠴᠡᠷᠢᠭ ᠠᠩᠭᠢ ᠪᠠ ᠣᠷᠣᠨ ᠨᠤᠲᠤᠭ ᠢ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ 2023 ᠣᠨ ᠤ ᠡᠭᠦᠷᠭᠡ ᠶᠢ ᠨᠢᠭᠡᠨᠲᠡ | 70% ᠪᠠᠷ ᠪᠡᠶᠡᠯᠡᠭᠦᠯᠵᠦ᠂ ᠶᠠᠭ ᠡᠯ᠎ᠡ ᠱᠠᠲᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠬᠦ ᠶᠢ | ᠬᠢᠨᠠᠨ ᠵᠢᠯᠤᠭᠤᠳᠴᠤ᠂ ᠵᠢᠯ ᠤᠨ ᠳᠣᠲᠣᠷ᠎ᠠ ᠪᠦᠭᠦᠨ ᠢ ᠬᠢᠵᠦ ᠳᠠᠭᠤᠰᠬᠠᠬᠤ ᠪᠠᠷ ᠪᠤᠢ︔ ᠬᠢᠯᠢ ᠶᠢᠨ | ᠬᠠᠮᠠᠭᠠᠯᠠᠯᠲᠠ ᠶᠢᠨ ᠴᠡᠷᠢᠭ ᠠᠩᠭᠢ ᠶᠢᠨ ᠤᠷᠳᠤ ᠬᠤᠭᠤᠴᠠᠭᠠᠨ ᠤ ᠪᠦᠲᠦᠮᠵᠢᠲᠡᠢ ᠦᠢᠯᠡᠴᠢᠯᠡᠭᠡᠨ ᠤ ᠲᠣᠭᠲᠠᠴᠠ ᠶᠢ | ᠪᠠᠶᠢᠭᠤᠯᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠡᠬᠡ ᠤᠯᠤᠰ ᠤᠨ ᠤᠮᠠᠷᠠᠲᠤ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠬᠦᠴᠦᠷᠬᠡᠭ ᠶᠡᠭᠡ | ᠬᠠᠮᠲᠤᠷᠠᠯ ᠬᠦᠴᠦᠨ ᠪᠣᠯᠭᠠᠨ ᠬᠤᠪᠢᠷᠠᠭᠤᠯᠵᠤ ᠪᠠᠶᠢᠨ᠎ᠠ᠃ |