ᠬᠥᠬᠡ ᠡᠷᠭᠢ ᠪᠠᠯᠭᠠᠰᠤᠨ ᠤ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠬᠢᠨᠠᠨ ᠵᠢᠯᠤᠭᠤᠳᠬᠤ ᠳᠤᠭᠤᠶᠢᠯᠠᠩ ᠡᠯ᠎ᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠢᠭᠡᠴᠢ ᠶᠢ ᠪᠠᠶᠢᠴᠠᠭᠠᠬᠤ ᠠᠵᠢᠯ ᠢ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 6 ᠤ ᠡᠳᠦᠷ᠂ ᠬᠥᠬᠡ ᠡᠷᠭᠢ ᠪᠠᠯᠭᠠᠰᠤᠨ ᠤ ᠳᠠᠷᠤᠭ᠎ᠠ ᠱᠢ ᠶᠤᠸᠠᠢ ᠯᠢᠨ᠂ ᠵᠣᠬᠢᠶᠠᠨ ᠪᠠᠶᠢᠭᠤᠯᠬᠤ ᠭᠡᠰᠢᠭᠦᠨ ᠠᠨ ᠵᠢᠩ ᠮᠧᠶ᠂ ᠪᠠᠯᠭᠠᠰᠤᠨ ᠤ ᠳᠡᠳ᠋ ᠳᠠᠷᠤᠭ᠎ᠠ ᠶᠠᠩ ᠼᠠᠢ ᠶᠦᠨ ᠨᠠᠷ ᠡᠯ᠎ᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠪᠠ᠃      ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠡᠯ᠎ᠡ ᠨᠡᠶᠢᠭᠡᠮ ᠲᠣᠭᠤᠷᠢᠭ ᠤᠨ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢᠨ ᠠᠵᠢᠯ ᠤᠨ ᠬᠠᠷᠢᠭᠤᠴᠠᠯᠭᠠᠲᠠᠨ ᠤ ᠣᠳᠣᠬᠠᠨ ᠤ ᠨᠢᠭᠡᠴᠢ ᠶᠢ ᠪᠠᠶᠢᠴᠠᠭᠠᠬᠤ ᠠᠵᠢᠯ ᠤᠨ ᠦᠨᠳᠦᠰᠦᠨ ᠪᠠᠶᠢᠳᠠᠯ ᠵᠢᠴᠢ ᠨᠡᠶᠢᠳᠡᠮ ᠪᠠᠶᠢᠴᠠᠭᠠᠭᠴᠢ ᠵᠢᠨ‌ᠨᠢᠭᠡᠴᠢ ᠶᠢ ᠪᠠᠶᠢᠴᠠᠭᠠᠵᠤ ᠡᠷᠦᠬᠡ ᠳᠤ ᠣᠷᠣᠬᠤ ᠳᠤ ᠲᠤᠯᠭᠠᠷᠠᠭᠰᠠᠨ ᠠᠰᠠᠭᠤᠳᠠᠯ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠳᠠᠷᠠᠭ᠎ᠠ ᠨᠢ ᠬᠢᠨᠠᠨ ᠵᠢᠯᠤᠭᠤᠳᠬᠤ ᠳᠤᠭᠤᠶᠢᠯᠠᠩ ᠤᠨ ᠬᠢᠨ ᠬᠠᠷᠢᠶ᠎ᠠ ᠣᠷᠣᠨ ᠳᠠᠭᠠᠨ ᠭᠦᠨᠵᠡᠭᠡᠶᠢᠷᠡᠨ ᠡᠷᠦᠬᠡ ᠳᠤ ᠬᠦᠷᠴᠦ ᠰᠤᠷᠪᠤᠯᠵᠢᠯᠠᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠵᠦ᠂ ᠨᠡᠶᠢᠳᠡᠮ ᠪᠠᠶᠢᠴᠠᠭᠠᠭᠴᠢ ᠶᠢᠨ ᠠᠵᠢᠯ ᠤᠨ ᠶᠠᠪᠤᠴᠠ ᠵᠢᠴᠢ ᠨᠢᠭᠡᠴᠢ ᠶᠢ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠣᠶᠢᠯᠠᠭᠠᠯᠲᠠ ᠶᠢᠨ ᠬᠡᠮᠵᠢᠶ᠎ᠡ ᠶᠢ ᠨᠠᠷᠢᠨ ᠠᠰᠠᠭᠤᠨ ᠯᠠᠪᠯᠠᠭᠰᠠᠨ ᠤ ᠬᠠᠮᠲᠤ᠂ ᠢᠯᠭᠠᠷᠠᠭᠤᠯᠤᠨ ᠪᠠᠶᠢᠴᠠᠭᠠᠵᠤ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠤᠭᠤᠴᠢᠨ ᠪᠠᠶᠢᠴᠠᠭᠠᠪᠠ᠃
     ᠬᠢᠨᠠᠨ ᠵᠢᠯᠤᠭᠤᠳᠴᠤ ᠳᠠᠭᠤᠰᠤᠭᠰᠠᠨ ᠤ ᠳᠠᠷᠠᠭ᠎ᠠ᠂ ᠪᠠᠯᠭᠠᠰᠤᠨ ᠤ ᠳᠠᠷᠤᠭ᠎ᠠ ᠱᠢ ᠶᠤᠸᠠᠢ ᠯᠢᠨ ᠡᠯ᠎ᠡ ᠨᠡᠶᠢᠭᠡᠮ ᠲᠣᠭᠤᠷᠢᠭ ᠤᠨ ᠨᠢᠭᠡᠴᠢ ᠶᠢ ᠪᠠᠶᠢᠴᠠᠭᠠᠬᠤ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠡᠯ᠎ᠡ ᠨᠡᠶᠢᠭᠡᠮ ᠲᠣᠭᠤᠷᠢᠭ ᠲᠤ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ︾ ᠶᠢ ᠦᠷᠭᠦᠯᠵᠢᠯᠡᠨ ᠭᠤᠣᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠠᠭᠤᠳᠠᠯᠬᠤ ᠡᠷᠴᠢᠮ ᠢᠶᠠᠨ ᠴᠢᠩᠭᠠᠷᠠᠭᠤᠯᠤᠨ᠂ ᠵᠡᠭᠡᠯᠢ ᠭᠤᠳᠤᠮᠵᠢ ᠪᠠᠷ ᠶᠠᠪᠤᠵᠤ ᠪᠠᠶᠢᠳᠠᠯ ᠢ ᠣᠶᠢᠯᠠᠭᠠᠵᠤ᠂ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃          ᠢᠷᠡᠯᠲᠡ᠄ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号