ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 107 ᠳ᠋ᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 107 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ᠵᠢᠴᠢ 9 ᠰᠠᠷ᠎ᠠ ᠶᠢᠨ 4 ᠤ ᠡᠳᠦᠷ ᠤᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 92 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠶᠠᠩ ᠳᠤ ᠲᠠᠯᠪᠢᠭᠰᠠᠨ ᠴᠢᠬᠤᠯᠠ ᠱᠠᠭᠠᠷᠳᠠᠯᠭ᠎ᠠ  ᠨᠢ ᠦᠴᠦᠸᠠᠨ ᠰᠢᠶᠠᠨ ᠳᠤ ᠠᠳᠠᠯᠢᠬᠠᠨ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ ᠶᠤᠮ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠬᠤ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠬᠠᠷᠠᠯᠲᠠ ᠶᠣᠰᠣᠭᠠᠷ᠂ ᠠᠵᠢᠯ ᠤᠨ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠬᠦ ᠰᠢᠶᠠᠨ ᠤ ᠪᠣᠬᠢᠷᠲᠤᠯ ᠦᠭᠡᠢ ᠡᠷᠡᠭᠦᠯ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠴᠢᠷᠮᠠᠶᠢᠨ ᠨᠥᠬᠦᠪᠦᠷᠢᠯᠡᠵᠦ᠂ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠬᠢᠵᠢᠭᠦᠯᠵᠦ᠂ ᠪᠦᠬᠦ ᠬᠦᠴᠦᠨ ᠢᠶᠠᠷ ᠢᠶᠠᠨ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠤᠳᠬᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠰᠠᠶᠢᠲᠤᠷ ᠥᠷᠨᠢᠭᠦᠯᠵᠦ᠂ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠤᠯᠠᠮ ᠴᠢᠨᠠᠭᠰᠢᠳᠠ ᠰᠤᠷᠤᠯᠴᠠᠨ ᠰᠤᠳᠤᠯᠤᠨ ᠶᠠᠷᠢᠯᠴᠠᠵᠤ᠂ ᠮᠠᠨ ᠤ ᠰᠢᠶᠠᠨ ᠤ ᠭᠦᠨ ᠵᠤᠵᠠᠭᠠᠨ ᠲᠡᠦᠬᠡ ᠰᠣᠶᠣᠯ ᠪᠣᠯᠣᠨ ᠡᠯᠪᠡᠭ ᠪᠠᠶᠠᠯᠢᠭ ᠰᠣᠶᠣᠯ ᠢᠷᠭᠡᠨᠰᠢᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ︽ᠤᠮᠠᠷᠠᠲᠤ ᠶᠢᠨ ᠰᠣᠶᠣᠯ︾ ᠢ ᠰᠤᠳᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ︽ᠤᠮᠠᠷᠠᠲᠤ ᠶᠢᠨ ᠰᠣᠶᠣᠯ︾  ᠢ ᠨᠡᠩ ᠪᠠᠶᠠᠯᠢᠭ ᠠᠭᠤᠯᠤᠭᠳᠠᠬᠤᠨ ᠲᠠᠢ᠂ ᠨᠡᠩ ᠦᠨᠦᠷ ᠠᠮᠲᠠ ᠲᠠᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠮᠠᠨ ᠤ ᠰᠢᠶᠠᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠭᠦᠨᠵᠡᠭᠡᠢ ᠵᠠᠳᠠᠯᠵᠤ᠂ ᠠᠵᠤ ᠠᠬᠤᠢ ᠶᠢᠨ ᠠᠵᠢᠯᠯᠠᠭᠠᠨ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠪᠦᠬᠦ ᠵᠢᠯ ᠤᠨ ᠡᠭᠦᠷᠭᠡ ᠬᠠᠷᠠᠯᠲᠠ ᠪᠠᠨ ᠴᠢᠩᠭ᠎ᠠ ᠣᠨᠢᠯᠠᠵᠤ᠂ ︽ᠬᠤᠷᠳᠤᠴᠠ ᠶᠢ ᠲᠡᠮᠡᠴᠡᠵᠦ᠂ ᠴᠠᠭ ᠢ ᠠᠮᠵᠢᠬᠤ︾ ᠰᠢᠢᠳᠪᠦᠷᠢᠲᠦ ᠳᠠᠶᠢᠯᠠᠯᠳᠤᠭᠠᠨ ᠶᠢ ᠣᠯᠬᠤ ᠳᠦᠷᠢ ᠪᠠᠶᠢᠳᠠᠯ ᠢᠶᠠᠷ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠦᠷᠦᠯ ᠵᠦᠢᠯ ᠤᠨ ᠲᠥᠯᠦᠪᠵᠢᠭᠦᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号