ᠶᠠᠩ ᠰᠢᠩ ᠱᠧᠩ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/9/8
     9 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠴᠦ ᠰᠢᠶᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ᠂ ᠨᠣᠮ ᠤᠩᠰᠢᠬᠤ ᠲᠠᠰᠤᠭ᠂ ᠠᠮᠢᠳᠤ ᠪᠣᠳᠠᠰ ᠤᠨ ᠲᠤᠷᠰᠢᠯᠲᠠ ᠶᠢᠨ ᠲᠠᠰᠤᠭ᠂ ᠰᠤᠷᠭᠠᠭᠤᠯᠢ ᠶᠢᠨ ᠬᠦᠷᠢᠶᠡᠨ ᠤ ᠲᠧᠯᠸᠢᠰ ᠬᠤᠷᠢᠶ᠎ᠠ ᠵᠡᠷᠭᠡ ᠣᠯᠠᠨ ᠴᠢᠳᠠᠪᠤᠷᠢᠲᠤ ᠬᠢᠴᠢᠶᠡᠯ ᠤᠨ ᠭᠡᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠤᠭᠴᠢᠳ ᠤᠨ ᠠᠵᠢᠯᠯᠠᠵᠤ ᠠᠮᠠᠷᠠᠬᠤ ᠴᠠᠭ᠂ ᠰᠤᠷᠤᠯᠭ᠎ᠠ ᠶᠢᠨ ᠪᠠᠶᠢᠳᠠᠯ ᠪᠣᠯᠣᠨ ᠳᠤᠷ᠎ᠠ ᠰᠣᠨᠢᠷᠬᠠᠯ ᠵᠡᠷᠭᠡ ᠶᠢ ᠨᠠᠷᠢᠨ ᠣᠶᠢᠯᠠᠭᠠᠭᠰᠠᠨ ᠪᠥᠭᠡᠳ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠪᠦᠬᠦ ᠰᠢᠶᠠᠨ ᠤ ᠥᠷᠭᠡᠨ ᠣᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠡᠢ᠃      ᠶᠠᠷᠢᠯᠴᠠᠬᠤ ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠪᠥᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠨ ᠪᠠᠶᠢᠳᠠᠯ ᠪᠠ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠰᠤᠷᠭᠠᠭᠤᠯᠢ ᠶᠢᠨ ᠵᠠᠬᠢᠷᠤᠯ ᠤᠨ ᠡᠩᠨᠡᠭᠡ ᠶᠢᠨ ᠪᠠᠶᠢᠭᠤᠯᠤᠯᠲᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠵᠡᠷᠭᠡ ᠪᠠᠶᠢᠳᠠᠯ ᠢ ᠬᠠᠷᠢᠭᠤ ᠮᠡᠳᠡᠭᠦᠯᠵᠡᠢ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠠᠴᠠ ᠦᠴᠦᠸᠠᠨ ᠰᠢᠶᠠᠨ ᠤ ᠬᠠᠤᠯᠢ ᠶᠢᠨ ᠡᠷᠬᠡᠲᠡᠨ ᠤ ᠵᠠᠬᠢᠷᠤᠯ ᠳᠤ ᠲᠣᠮᠢᠯᠠᠨ ᠰᠠᠭᠤᠯᠭᠠᠵᠤ᠂ ᠮᠠᠨ ᠤ ᠰᠢᠶᠠᠨ ᠤ ᠣᠳᠣ ᠪᠠᠶᠢᠭ᠎ᠠ ᠰᠤᠷᠭᠠᠨ ᠬᠥᠮᠦᠵᠢᠯ ᠤᠨ ᠡᠬᠢ ᠪᠠᠶᠠᠯᠢᠭ᠂ ᠪᠠᠭᠰᠢ ᠶᠢᠨ ᠬᠦᠴᠦᠨ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠰᠤᠷᠭᠠᠭᠤᠯᠢ ᠶᠢᠨ ᠰᠤᠷᠲᠠᠯ ᠤᠨ ᠪᠠᠶᠢᠭᠤᠯᠤᠯᠲᠠ ᠵᠡᠷᠭᠡ ᠲᠠᠯ᠎ᠠ ᠶᠢ ᠥᠨᠳᠥᠷ ᠦᠨᠡᠯᠡᠵᠦ᠂ ᠡᠭᠦᠨ ᠤ ᠬᠠᠮᠲᠤ ᠰᠠᠨᠠᠯ ᠰᠠᠨᠠᠭᠤᠯᠭ᠎ᠠ ᠳᠤᠷᠠᠳᠴᠤ᠂ ᠬᠤᠶᠢᠰᠢᠳᠠ ᠶᠢᠨ ᠠᠵᠢᠯ ᠤᠨ ᠳᠤᠮᠳᠠ ᠪᠠᠨ ᠦᠷᠭᠦᠯᠵᠢᠯᠡᠨ ᠰᠣᠷᠣᠭᠴᠢ ᠪᠠᠷ ᠦᠨᠳᠦᠰᠦ ᠪᠣᠯᠭᠠᠵᠤ᠂ ᠲᠠᠪᠤᠨ ᠬᠥᠮᠦᠵᠢᠯ ᠢ ᠵᠡᠷᠭᠡ ᠪᠠᠷ ᠴᠢᠬᠤᠯᠠᠴᠢᠯᠠᠵᠤ᠂ ︽ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠳᠤ ᠲᠦᠰᠢᠭᠯᠡᠬᠦ᠂ ᠭᠠᠵᠠᠷ ᠣᠷᠣᠨ ᠤ ᠪᠠᠶᠢᠳᠠᠯ ᠳᠤᠨᠢ ᠳᠣᠬᠢᠷᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠡᠶ᠎ᠡ ᠵᠣᠬᠢᠴᠠᠯ ᠲᠠᠢ ᠪᠠᠷ ᠬᠥᠭᠵᠢᠭᠦᠯᠬᠦ︾ ᠵᠠᠷᠴᠢᠮ ᠢ ᠵᠢᠷᠤᠮᠯᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠨᠢᠭᠲᠠᠷᠠᠭᠤᠯᠵᠤ᠂ ᠪᠦᠲᠦᠴᠡ ᠶᠢᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠢᠴᠢᠶᠡᠯ᠂ ᠨᠡᠶᠢᠭᠡᠮ ᠤᠨ ᠪᠦᠯᠬᠦᠮ ᠤᠨ ᠵᠦᠢᠯᠡᠰ᠂ ᠰᠣᠷᠣᠭᠴᠢ ᠶᠢᠨ ᠦᠶᠯᠡ ᠠᠵᠢᠯᠯᠠᠭᠠᠨ ᠤ ᠵᠢᠷᠤᠮᠵᠢᠯ ᠵᠡᠷᠭᠡ ᠲᠠᠯ᠎ᠠ ᠪᠠᠷ ᠰᠢᠨ᠎ᠡ ᠱᠠᠭᠠᠷᠳᠠᠯᠭ᠎ᠠ ᠳᠤᠷᠠᠳᠴᠤ᠂ ᠰᠠᠶᠢᠨ ᠬᠢᠷᠢ ᠪᠦᠲᠦᠮᠵᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠶᠠᠩ ᠰᠢᠩ ᠱᠧᠩ ᠪᠦᠬᠦ ᠰᠢᠶᠠᠨ ᠤ ᠥᠷᠭᠡᠨ ᠣᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠬᠦ ᠶᠢᠨ ᠬᠠᠮᠲᠤ ᠵᠢᠭᠠᠵᠤ ᠭᠠᠷᠭᠠᠭᠰᠠᠨ ᠨᠢ᠂ ᠣᠯᠠᠨ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠠᠵᠢᠯ ᠢ ᠠᠷᠠᠳ ᠤᠨ ᠠᠮᠢᠳᠤᠷᠠᠯ ᠤᠨ ᠠᠵᠢᠯ ᠤᠨ ᠲᠡᠷᠢᠭᠦᠨ ᠪᠠᠶᠢᠷᠢᠨ ᠳᠤ ᠲᠠᠯᠪᠢᠭᠰᠠᠭᠠᠷ ᠢᠷᠡᠵᠡᠶ᠂ ᠠᠯᠢ ᠣᠯᠠᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠳᠡᠮᠵᠢᠨ᠂ ᠣᠳᠣᠬᠠᠨ ᠳᠤ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠵᠣᠬᠢᠬᠤ ᠠᠮᠵᠢᠯᠲᠠ ᠣᠯᠣᠭᠰᠠᠨ ᠪᠣᠯᠪᠠᠴᠤ ᠪᠠᠰᠠ ᠵᠣᠬᠢᠬᠤ ᠵᠥᠷᠢᠶ᠎ᠡ ᠪᠠ ᠬᠦᠷᠦᠯᠴᠡᠬᠦ ᠦᠭᠡᠢ ᠲᠠᠯ᠎ᠠ ᠲᠠᠢ ᠪᠠᠶᠢᠭᠰᠠᠭᠠᠷ᠂ ᠡᠨᠡ ᠵᠢᠯ ᠪᠣᠯ ᠮᠠᠨ ᠤ ᠰᠢᠶᠠᠨ ᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤᠷᠠᠨ ᠡᠷᠭᠢᠯᠡᠭᠰᠡᠨ ᠠᠩᠬᠠᠨ ᠤ ᠵᠢᠯ ᠪᠣᠯᠣᠨ᠎ᠠ᠂ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠡᠯ᠎ᠡ ᠰᠤᠷᠭᠠᠭᠤᠯᠢ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠢ ᠠᠬᠢᠭᠤᠯᠵᠤ᠂ ᠨᠡᠶᠢᠰᠯᠡᠯ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ ᠠᠮᠢᠳᠤᠯᠢᠭ ᠢᠶᠠᠷ ᠬᠡᠷᠡᠭᠯᠡᠵᠦ᠂ ᠬᠠᠮᠢᠶᠠᠷᠤᠯᠲᠠ ᠶᠢᠨ ᠪᠦᠯᠬᠦᠮ ᠲᠠᠢ ᠭᠦᠨᠵᠡᠭᠡᠢ ᠵᠣᠯᠭᠠᠭᠤᠯᠬᠤ ᠶᠢ ᠰᠠᠶᠢᠲᠤᠷ ᠬᠢᠵᠦ᠂ ᠬᠠᠮᠲᠤᠷᠠᠨ ᠰᠤᠷᠭᠠᠭᠤᠯᠢ ᠡᠷᠬᠢᠯᠡᠬᠦ ᠳᠠᠪᠠᠭᠤᠯᠢᠭ ᠢᠶᠠᠨ ᠲᠠᠰᠤᠷᠠᠯᠲᠠ ᠦᠭᠡᠢ ᠪᠠᠳᠠᠷᠠᠭᠤᠯᠵᠤ᠂ ᠲᠡᠷᠢᠭᠦᠨ ᠤ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ᠂ ᠡᠯᠪᠡᠭ ᠪᠠᠶᠠᠯᠢᠭ ᠬᠠᠮᠢᠶᠠᠷᠤᠯᠲᠠ ᠶᠢᠨ ᠲᠤᠷᠰᠢᠯᠭ᠎ᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠷᠭ᠎ᠠ᠂ ᠭᠦᠨ ᠵᠤᠵᠠᠭᠠᠨ ᠰᠤᠷᠭᠠᠨ ᠬᠥᠮᠦᠵᠢᠯ ᠤᠨ ᠠᠭᠤᠷ ᠠᠮᠢᠰᠬᠤᠯ ᠢ ᠪᠦᠬᠦ ᠰᠢᠶᠠᠨ ᠤ ᠪᠤᠢ ᠪᠦᠬᠦᠢ ᠰᠤᠷᠤᠯᠭ᠎ᠠ ᠶᠢᠨ ᠱᠠᠲᠤ᠂ ᠪᠤᠢ ᠪᠦᠬᠦᠢ ᠰᠤᠷᠭᠠᠭᠤᠯᠢ ᠳᠤ ᠪᠦᠬᠦ ᠲᠠᠯ᠎ᠠ ᠪᠠᠷ ᠳᠡᠯᠭᠡᠷᠡᠭᠦᠯᠵᠦ᠂ ᠬᠠᠮᠲᠤᠷᠠᠨ ᠰᠤᠷᠭᠠᠭᠤᠯᠢ ᠡᠷᠬᠢᠯᠡᠬᠦ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ᠂ ᠦᠷᠭᠦᠯᠵᠢᠯᠡᠨ ᠭᠦᠨᠵᠡᠭᠡᠶᠢᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ︔ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠪᠦᠯᠦᠭᠯᠡᠯ ᠤᠨ ᠰᠣᠩᠭᠤᠨ ᠲᠣᠮᠢᠯᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠥᠷᠭᠡᠨ ᠤᠯᠠᠨ ᠪᠠᠭᠰᠢ ᠪᠣᠯᠣᠨ ᠰᠤᠷᠭᠠᠨ ᠬᠥᠮᠦᠵᠢᠯ ᠤᠨ ᠠᠵᠢᠯᠲᠠᠳ ᠬᠠᠮᠲᠤᠪᠠᠷ ᠴᠢᠷᠮᠠᠶᠢᠵᠤ᠂ 3 ᠵᠢᠯ ᠤᠨ ᠳᠣᠲᠣᠷ᠎ᠠ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠮᠡᠳᠡᠭᠳᠡᠮ᠎ᠡ ᠳᠡᠭᠡᠭᠰᠢᠯᠡᠭᠦᠯᠵᠦ᠂ ᠬᠡᠪ ᠴᠢᠨᠠᠷ ᠤᠨ ᠰᠤᠷᠭᠠᠨ ᠬᠥᠮᠦᠵᠢᠯ ᠤᠨ ᠣᠨᠴᠠᠯᠢᠭ ᠢ ᠢᠯᠡ ᠲᠣᠳᠣ ᠪᠣᠯᠭᠠᠵᠤ᠂ ᠨᠡᠶᠢᠭᠡᠮ ᠤᠨ ᠬᠠᠨᠤᠮᠵᠢ ᠶᠢᠨ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号