​︽ᠳᠤᠮᠳᠠᠳᠤ ᠶᠢᠨ ᠨᠢᠭᠦᠯᠡᠰᠦᠩᠭᠦᠢ ᠶᠢᠨ ᠡᠳᠦᠷ︾ - 11 ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ 8400 ᠭᠠᠷᠤᠢ ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠴᠤᠭᠯᠠᠭᠤᠯᠪᠠ
ᠨᠡᠶᠢᠲᠡᠯᠡᠭᠰᠡᠨ ᠴᠠᠭ᠄
2023/9/8
     ︽ᠨᠢᠭᠦᠯᠡᠰᠦᠩᠭᠦᠢ ᠶᠢᠨ ᠦᠢᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠨᠠᠢᠮᠠᠳᠠᠭᠢ ︽ᠳᠤᠮᠳᠠᠳᠤ ᠶᠢᠨ ᠨᠢᠭᠦᠯᠡᠰᠦᠩᠭᠦᠢ ᠶᠢᠨ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠵᠢᠱᠢᠶ᠎ᠡ ᠦᠵᠡᠭᠦᠯᠭᠦ ᠠᠵᠢᠯᠯᠠᠭ᠎ᠠ 9 ᠰᠠᠷ᠎ᠠ ᠶᠢᠨ 3 ᠤ ᠡᠳᠦᠷ ᠭᠦᠭᠡᠬᠤᠲᠠ ᠳᠤ ᠶᠠᠪᠤᠭᠳᠠᠪᠠ᠃      ᠬᠠᠨᠳᠢᠪᠯᠡᠨ ᠬᠦᠷᠭᠡᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠵᠡᠷᠭᠡ 11 ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠡᠶᠢᠲᠡ 30 ᠭᠠᠷᠤᠢ ᠨᠢᠭᠦᠯᠡᠰᠦᠩᠭᠦᠢ ᠶᠢᠨ ᠲᠦᠷᠦᠯ ᠵᠦᠢᠯ ᠢ ᠥᠷᠨᠢᠭᠦᠯᠵᠦ᠂ ᠨᠡᠶᠢᠲᠡ 8462.9 ᠲᠦᠮᠡᠨ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠡᠨ ᠬᠦᠷᠭᠡᠭᠰᠡᠨ ᠪᠠᠶᠢᠨ᠎ᠠ᠂ ᠡᠭᠦᠨ ᠳᠤ ᠬᠠᠨᠳᠢᠪᠯᠡᠨ ᠬᠦᠷᠭᠡᠭᠰᠡᠨ ᠪᠡᠯᠡ ᠮᠥᠩᠭᠦ 2817.9 ᠲᠦᠮᠡᠨ ᠲᠥᠭᠦᠷᠢᠭ ᠪᠠᠶᠢᠵᠤ᠂ ᠬᠠᠨᠳᠢᠪᠯᠡᠨ ᠬᠦᠷᠭᠡᠭᠰᠡᠨ ᠡᠳ᠋ ᠪᠣᠳᠠᠰ ᠢ ᠨᠤᠭᠤᠯᠤᠨ ᠪᠤᠳᠤᠪᠠᠯ ᠪᠠᠷᠤᠭ 5645 ᠲᠦᠮᠡᠨ ᠲᠥᠭᠦᠷᠢᠭ ᠪᠣᠯᠣᠨ᠎ᠠ᠃ ᠬᠠᠨᠳᠢᠪᠯᠡᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠡᠮ ᠡᠮᠨᠡᠯᠭᠡ ᠡᠷᠡᠭᠦᠯ ᠬᠠᠮᠠᠭᠠᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠶ᠎ᠡ ᠶᠢᠨ ᠲᠠᠮᠢᠷ᠂ ᠰᠤᠷᠭᠠᠨ ᠬᠥᠮᠦᠵᠢᠯ᠂ ᠬᠢᠯᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ᠂ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠠᠵᠢᠯ ᠦᠢᠯᠡᠰ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠢᠯᠡᠷᠬᠡᠶᠢᠯᠡᠬᠦ ᠳᠡᠭᠡᠨ᠂ ᠪᠦᠭᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠦᠰᠡᠯ ᠡᠷᠡᠮᠡᠯᠵᠡᠯ ᠲᠠᠢ ᠴᠢᠳᠠᠪᠤᠷᠢ ᠲᠠᠢ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠤ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠦᠢᠯᠡᠰ ᠲᠤ ᠢᠳᠡᠪᠬᠢᠲᠡᠢ ᠣᠷᠤᠯᠴᠠᠬᠤ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠣᠳᠣᠬᠠᠨ ᠳᠤ ᠪᠦᠭᠦ ᠣᠷᠣᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠡᠶᠢᠲᠡ 219 ᠪᠠᠶᠢᠨ᠎ᠠ᠃ 2022 ᠣᠨ ᠠᠴᠠ ᠨᠠᠭᠠᠰᠢ᠂ ᠪᠦᠭᠦ ᠣᠷᠣᠨ ᠤ ᠡᠯ᠎ᠡ ᠱᠠᠲᠤᠨ ᠤ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠨᠡᠶᠢᠲᠡ 11.8 ᠳ᠋ᠦᠩᠰᠢᠭᠤᠷ ᠲᠥᠭᠦᠷᠢᠭ ᠤᠨ ᠬᠠᠨᠳᠢᠪ ᠤᠨ ᠪᠡᠯᠡ ᠮᠥᠩᠭᠦ ᠭᠥᠯᠢᠶᠡᠨ ᠠᠪᠴᠤ᠂ ᠡᠭᠦᠨ ᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠤᠷᠭᠠᠨ ᠬᠥᠮᠦᠵᠢᠯ ᠰᠣᠶᠣᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠲᠠᠯ᠎ᠠ ᠳᠤ ᠬᠡᠷᠡᠭᠯᠡᠭᠰᠡᠨ ᠬᠠᠨᠳᠢᠪ ᠤᠨ ᠪᠡᠯᠡ ᠮᠥᠩᠭᠦ 7.17 ᠳ᠋ᠦᠩᠰᠢᠭᠤᠷ ᠲᠥᠭᠦᠷᠢᠭ ᠲᠤ ᠬᠦᠷᠴᠡᠢ᠃      ᠠᠵᠢᠯᠯᠠᠭ᠎ᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠨᠢᠭᠦᠯᠡᠰᠦᠩᠭᠦᠢ ᠶᠢᠨ ᠦᠢᠯᠡᠰ ᠤᠨ ᠶᠡᠷᠦᠩᠬᠡᠢ ᠡᠪᠯᠡᠯ ᠨᠢ ᠬᠠᠩᠵᠧᠦ ᠶᠢᠨ ᠭᠤᠸᠠᠩ ᠰᠢᠶᠠᠩ ᠮᠡᠳᠡᠭᠡ ᠵᠠᠩᠭᠢ ᠶᠢᠨ ᠯᠠᠪᠯᠠᠯᠭ᠎ᠠ ᠶᠢᠨ ᠬᠢᠵᠠᠭᠠᠷᠲᠤ ᠺᠤᠮᠫᠠᠨᠢ᠂ ᠪᠡᠭᠡᠵᠢᠩ ᠤᠨ ᠾᠧᠦ ᠫᠦ᠋ ᠵᠢᠦᠢ ᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ᠂ ᠬᠠᠶᠢᠨᠠᠨ ᠤ ᠠᠽᠢᠶ᠎ᠠ ᠲᠢᠪ ᠤᠨ ᠨᠡᠶᠢᠲᠡ ᠶᠢᠨ ᠠᠰᠠᠷᠠᠮᠵᠢ ᠶᠢᠨ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠯᠠᠢ ᠹᠦ᠋ ᠬᠤᠤ ᠱᠢ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠤᠮᠫᠠᠨᠢ ᠵᠡᠷᠭᠡ 4 ᠨᠢᠭᠡᠴᠢ ᠪᠠ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃ ᠡᠨᠡ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠢᠯ ᠲᠥᠷᠥᠯ ᠤᠨ ᠴᠢᠨᠠᠷᠲᠠᠢ᠂ ᠬᠦᠢᠰᠦ ᠭᠡᠯᠪᠡᠷᠢ ᠶᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ᠂ ᠨᠢᠭᠦᠯᠡᠰᠦᠩᠭᠦᠢ ᠶᠢᠨ ᠡᠬᠢ ᠪᠠᠶᠠᠯᠢᠭ ᠢ ᠬᠤᠯᠪᠣᠵᠤ᠂ ᠥᠪᠥᠷ ᠮᠣᠩᠭᠤᠯ ᠤᠨ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠠᠬᠢ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠪᠠᠷ ᠵᠣᠷᠢᠵᠤ ᠪᠠᠶᠢᠨ᠎ᠠ ᠭᠡᠵᠡᠢ᠃      ᠬᠤᠯᠪᠣᠭᠠᠰᠤ᠄      2023 ᠣᠨ ᠤ 9 ᠰᠠᠷ᠎ᠠ ᠶᠢᠨ 5 ᠤ ᠡᠳᠦᠷ ᠪᠣᠯ ᠨᠠᠢᠮᠠᠳᠠᠭᠢ ︽ᠳᠤᠮᠳᠠᠳᠤ ᠶᠢᠨ ᠨᠢᠭᠦᠯᠡᠰᠦᠩᠭᠦᠢ ᠶᠢᠨ ᠡᠳᠦᠷ︾ ᠪᠣᠯᠣᠨ᠎ᠠ᠂ ︽ᠨᠢᠭᠦᠯᠡᠰᠦᠩᠭᠦᠢ ᠶᠢᠨ ᠦᠢᠯᠡᠰ ᠲᠤ ᠭᠠᠷ ᠬᠤᠯᠪᠣᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ  ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪ ᠲᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠪᠦᠭᠦ ᠨᠡᠶᠢᠭᠡᠮ ᠢᠶᠠᠷ ᠢᠶᠠᠨ ᠬᠥᠮᠥᠨ ᠪᠦᠭᠦᠨ ᠨᠢᠭᠦᠯᠡᠰᠦᠩᠭᠦᠢ ᠰᠡᠳᠬᠢᠯ ᠡᠪᠦᠷᠯᠡᠨ᠂ ᠬᠥᠮᠥᠨ ᠪᠦᠭᠦᠨ ᠨᠢᠭᠦᠯᠡᠰᠦᠩᠭᠦᠢ ᠶᠢᠨ ᠦᠢᠯᠡᠰ ᠲᠤ ᠤᠷᠤᠯᠴᠠᠵᠤ᠂ ᠨᠡᠶᠢᠭᠡᠮ ᠵᠢᠷᠤᠮ ᠤᠨ ᠡᠶ᠎ᠡ ᠵᠣᠬᠢᠴᠠᠯᠳᠤ ᠨᠡᠶᠢᠭᠡᠮ ᠢ ᠴᠣᠭᠴᠠᠯᠠᠨ ᠪᠠᠶᠢᠭᠤᠯᠬᠤ ᠶᠢᠨ ᠲᠥᠯᠥᠭᠡ ᠪᠠᠶᠢᠪᠠᠰᠤ ᠵᠣᠬᠢᠬᠤ ᠬᠤᠪᠢ ᠨᠡᠮᠡᠷᠢ ᠪᠠᠨ ᠡᠷᠭᠦᠲᠦᠭᠡᠢ ᠭᠡᠵᠦ ᠤᠷᠢᠶᠠᠯᠠᠪᠠ᠃  
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号