ᠬᠠᠷᠠᠭᠤᠯ ᠪᠠᠯᠭᠠᠰᠤ
ᠨᠡᠶᠢᠲᠡᠯᠡᠭᠰᠡᠨ ᠴᠠᠭ᠄
2023/9/8
     ᠨᠢᠭᠡ᠂ ᠭᠤᠣᠯ ᠡᠭᠦᠷᠭᠡ ᠲᠤᠰᠢᠶᠠᠯ ᠬᠠᠷᠢᠭᠤᠴᠠᠯᠭ᠎ᠠ      ( ᠨᠢᠭᠡ ) ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠵᠢᠴᠢ ᠳᠡᠭᠡᠳᠦ ᠱᠠᠲᠤᠨ ᠤ ᠲᠤᠶᠢᠷᠦ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠦᠨ᠎ᠡ︔      ( ᠬᠤᠶᠠᠷ ) ᠪᠦᠬᠦ ᠪᠠᠯᠭᠠᠰᠤ ᠶᠢᠨ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠲᠥᠯᠥᠪᠯᠡᠭᠡ᠂ ᠲᠥᠰᠥᠪ ᠢ ᠭᠦᠢᠴᠡᠳᠬᠡᠵᠦ᠂ ᠠᠵᠤ ᠠᠬᠤᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠪᠣᠯᠪᠠᠰᠤᠷᠠᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠤᠨ ᠦᠢᠯᠡᠰ ᠪᠠ ᠡᠳ᠋ ᠤᠨ ᠵᠠᠰᠠᠭ᠂ ᠠᠷᠠᠳ ᠤᠨ ᠶᠠᠪᠤᠳᠠᠯ᠂ ᠠᠮᠤᠷ ᠢ ᠬᠠᠮᠠᠭᠠᠯᠠᠬᠤ᠂ ᠠᠷᠠᠳ ᠤᠨ ᠡᠶᠡᠳᠡᠭᠦᠯᠭᠡ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠠᠷᠠᠳ ᠢ ᠨᠡᠭᠦᠯᠭᠡᠨ ᠨᠡᠭᠡᠭᠡᠨ ᠬᠥᠭᠵᠢᠭᠦᠯᠬᠦ ᠵᠡᠷᠭᠡ ᠵᠠᠰᠠᠭ ᠵᠠᠬᠢᠷᠭᠠᠨ ᠤ ᠠᠵᠢᠯ ᠢ ᠬᠠᠮᠢᠶᠠᠷᠤᠨ᠎ᠠ︔      ( ᠭᠤᠷᠪᠠ ) ᠨᠡᠶᠢᠭᠡᠮ ᠵᠢᠷᠤᠮ ᠤᠨ ᠠᠷᠠᠳ ᠨᠡᠶᠢᠲᠡ ᠶᠢᠨ ᠥᠮᠴᠢᠯᠡᠯ ᠤᠨ ᠡᠳ᠋ ᠬᠥᠷᠥᠩᠭᠡ ᠪᠠ ᠬᠥᠳᠡᠯᠮᠦᠷᠢᠴᠢᠨ ᠲᠦᠮᠡᠨ ᠤ ᠬᠠᠮᠲᠤ ᠶᠢᠨ ᠥᠮᠴᠢᠯᠡᠯ ᠤᠨ ᠡᠳ᠋ ᠬᠥᠷᠥᠩᠭᠡ ᠶᠢ ᠬᠠᠮᠠᠭᠠᠯᠠᠵᠤ᠂ ᠠᠷᠠᠳ ᠢᠷᠭᠡᠨ ᠤ ᠬᠤᠪᠢ ᠶᠢᠨ ᠥᠮᠴᠢᠯᠡᠯ ᠤᠨ ᠬᠠᠤᠯᠢ ᠶᠣᠰᠣᠨ ᠤ ᠡᠳ᠋ ᠬᠥᠷᠥᠩᠭᠡ ᠶᠢ ᠬᠠᠮᠠᠭᠠᠯᠠᠵᠤ᠂ ᠨᠡᠶᠢᠭᠡᠮ ᠤᠨ ᠡᠮᠬᠢ ᠵᠢᠷᠤᠮ ᠢ ᠬᠠᠮᠠᠭᠠᠯᠠᠨ᠂ ᠠᠷᠠᠳ ᠢᠷᠭᠡᠨ ᠤ ᠪᠡᠶ᠎ᠡ ᠶᠢᠨ ᠡᠷᠬᠡ᠂ ᠠᠷᠠᠳᠴᠢᠯᠠᠯ ᠤᠨ ᠡᠷᠬᠡ ᠪᠠ ᠪᠤᠰᠤᠳ ᠡᠷᠬᠡ ᠶᠢ ᠪᠠᠲᠤᠯᠠᠨ᠎ᠠ︔      ( ᠳᠥᠷᠪᠡ ) ᠡᠯ᠎ᠡ ᠵᠦᠢᠯ ᠤᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔      (  ᠲᠠᠪᠤ  ) ᠨᠠᠮ ᠪᠠ ᠤᠯᠤᠰ ᠤᠨ ᠦᠨᠳᠦᠰᠦᠲᠡᠨ ᠪᠠ ᠱᠠᠰᠢᠨ ᠰᠤᠷᠲᠠᠬᠤᠨ ᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠢ ᠪᠠᠲᠤᠯᠠᠵᠤ᠂ ᠴᠥᠭᠡᠨ ᠲᠣᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠬᠡᠵᠦ᠂ ᠦᠨᠳᠦᠰᠦᠲᠡᠨ ᠤ ᠱᠠᠰᠢᠨ ᠰᠢᠲᠦᠯᠭᠡ ᠶᠢ ᠬᠦᠨᠳᠦᠳᠬᠡᠨ᠎ᠡ︔      ( ᠵᠢᠷᠭᠤᠭ᠎ᠠ ) ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠡᠮᠡᠭᠲᠡᠶᠢᠴᠦᠳ ᠲᠤ ᠣᠯᠭᠤᠭᠰᠠᠨ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ᠂ ᠤᠷᠤᠬ ᠤᠨ ᠶᠠᠪᠤᠳᠠᠯ ᠤᠨ ᠡᠷᠬᠡ ᠴᠢᠯᠦᠭᠡ ᠲᠠᠢ ᠪᠠᠶᠢᠬᠤ ᠵᠡᠷᠭᠡ ᠡᠯ᠎ᠡ ᠵᠦᠢᠯ ᠤᠨ ᠡᠷᠬᠡ ᠶᠢ ᠪᠠᠲᠤᠯᠠᠨ᠎ᠠ︔      ( ᠳᠣᠯᠤᠭ᠎ᠠ ) ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯ ᠢ ᠭᠦᠢᠴᠡᠳᠬᠡᠨ᠎ᠡ᠃      ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ      ( ᠨᠢᠭᠡ ) ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ      ( ᠬᠤᠶᠠᠷ ) ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ      ( ᠭᠤᠷᠪᠠ ) ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ      ( ᠳᠥᠷᠪᠡ ) ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ      ( ᠲᠠᠪᠤ ) ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ       ( ᠵᠢᠷᠭᠤᠭ᠎ᠠ ) ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ      ᠭᠤᠷᠪᠠ᠂ ᠠᠵᠢᠯᠯᠠᠬᠤ ᠬᠠᠶᠠᠭ᠄ ᠦᠴᠦᠸᠠᠨ ᠰᠢᠶᠠᠨ ᠤ ᠬᠠᠷᠠᠭᠤᠯ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠳᠥᠷᠪᠡ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30      ᠲᠠᠪᠤ᠂ ᠤᠲᠠᠰᠤ᠄ 0471 ︱ 8890049      ᠵᠢᠷᠭᠤᠭ᠎ᠠ᠂ ᠬᠠᠷᠢᠭᠤᠴᠠᠯᠭᠠᠲᠠᠨ᠄ ᠰᠢᠩ ᠰᠢᠶᠣᠣ ᠹᠧᠩ᠂ ᠲᠢᠶᠠᠨ ᠺᠠᠢ ᠬᠤᠩ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号