ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠪᠣᠯᠣᠨ ᠣᠷᠳᠣᠰ ᠬᠤᠲᠠ | ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠥᠪᠡᠷᠲᠡᠭᠡᠨ ᠵᠠᠰᠠᠬᠤ ᠣᠷᠣᠨ ᠤ | ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ | ᠲᠦᠷᠦᠭᠦᠬᠡᠨ ᠣᠷᠳᠣᠰ ᠬᠤᠲᠠ ᠳᠤ ᠬᠤᠷᠠᠯᠳᠤᠪᠠ᠃ ᠬᠤᠷᠠᠯ ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠮᠠᠶ᠋ᠢᠭ | ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠪᠦᠭᠦ ᠣᠷᠣᠨ ᠤ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ︽ᠬᠠᠶᠠᠭᠳᠠᠮᠠᠯ ᠪᠣᠳᠠᠰ ᠦᠭᠡᠢ | ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠪᠠᠷ ᠵᠣᠷᠢᠯᠭ᠎ᠠ | ᠪᠠᠨ ᠪᠣᠯᠭᠠᠵᠠᠢ᠃ | ᠮᠠᠨ ᠤ ᠣᠷᠣᠨ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ | ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ | ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠠᠬᠢᠭᠤᠯᠵᠤ ᠪᠤᠢ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠬᠠᠤᠯᠢ ᠪᠤᠰᠤ ᠪᠠᠷ ᠰᠢᠯᠵᠢᠭᠦᠯᠦᠨ ᠴᠢᠳᠬᠤᠬᠤ ᠶᠢ ᠡᠷᠡᠰ ᠬᠤᠷᠢᠭᠯᠠᠵᠤ᠂ ︽ᠬᠠᠶᠠᠭᠳᠠᠮᠠᠯ ᠪᠣᠳᠠᠰ ᠦᠭᠡᠢ ᠬᠤᠲᠠ︾ | ᠶᠢᠨ ᠪᠦᠲᠦᠭᠡᠨ ᠪᠠᠶᠢᠭᠤᠯᠤᠯᠲᠠ ᠶᠢᠨ ᠳᠦᠷᠢᠮ᠂ ᠲᠣᠭᠲᠠᠴᠠ ᠪᠠ ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠨ᠂ | ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ | ᠪᠤᠯᠬᠤ ᠥᠪᠥᠷ ᠮᠣᠩᠭᠤᠯ ᠤᠨ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ | ᠵᠠᠭᠪᠤᠷ ᠢ ᠴᠢᠷᠮᠠᠶᠢᠨ ᠪᠤᠶ ᠪᠤᠯᠭᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠬᠤᠷᠠᠯ ᠨᠢ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ | ᠲᠣᠰ ᠲᠣᠰ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠭᠦ ᠲᠠᠯ᠎ᠠ | ᠪᠠᠷ ᠠᠬᠢᠭᠤᠯᠵᠤ᠂ ᠭᠤᠣᠯᠳᠠᠯᠭ᠎ᠠ ᠲᠠᠢ ᠬᠤᠲᠠ ᠶᠢᠨ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠬᠥᠭᠵᠢᠯᠲᠡ ᠶᠢᠨ | ᠵᠠᠭᠪᠤᠷ ᠢ ᠢᠳᠡᠪᠬᠢᠲᠡᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠥᠭᠡᠳ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠪᠣᠬᠢᠷᠳᠤᠯ ᠢ ᠰᠡᠷᠭᠡᠶᠢᠯᠡᠨ ᠵᠠᠰᠠᠬᠤ ᠬᠦᠷᠢᠶᠡᠨ ᠳᠠᠬᠢ ᠵᠠᠰᠠᠯᠲᠠ ᠶᠢᠨ ᠣᠳᠣᠬᠢᠴᠢᠯᠠᠯᠲᠠ | ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠭᠦ ᠳᠤ ᠠᠰᠢᠭᠲᠠᠢ ᠶᠤᠮ᠃ |