ᠬᠥᠬᠡ ᠡᠷᠭᠢ ᠪᠠᠯᠭᠠᠰᠤ
ᠨᠡᠶᠢᠲᠡᠯᠡᠭᠰᠡᠨ ᠴᠠᠭ᠄
2023/9/9
     ᠨᠢᠭᠡ᠂ ᠡᠭᠦᠷᠭᠡ ᠲᠤᠰᠢᠶᠠᠯ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ      ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠲᠣᠰ ᠪᠠᠯᠭᠠᠰᠤᠨ ᠤ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ᠂ ᠰᠢᠶᠠᠨ ᠤ ᠱᠠᠲᠤᠨ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠠ ᠡᠯ᠎ᠡ ᠲᠥᠷᠥᠯ ᠤᠨ ᠠᠵᠢᠯ ᠤᠨ ᠤᠳᠤᠷᠢᠳᠬᠤ ᠭᠤᠣᠯᠯᠠᠭᠴᠢ ᠮᠥᠨ᠂ ᠬᠥᠬᠡ ᠡᠷᠭᠢ ᠪᠠᠯᠭᠠᠰᠤᠨ ᠤ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠪᠥᠬᠦ ᠲᠠᠯ᠎ᠠ ᠶᠢᠨ ᠤᠳᠤᠷᠢᠳᠤᠯᠭ᠎ᠠ ᠶᠢ ᠬᠡᠷᠡᠭᠵᠢᠭᠦᠯᠦᠨ᠎ᠡ᠃      ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠢ ᠤᠷᠢᠶᠠᠯᠠᠬᠤ ᠬᠦᠴᠦᠨ ᠢ ᠴᠢᠩᠭᠠᠳᠬᠠᠨ᠎ᠠ᠃ ᠬᠠᠷᠢᠶᠠᠲᠤ ᠣᠷᠣᠨ ᠤ ᠳᠣᠲᠣᠷᠠᠬᠢ ᠰᠢᠨ᠎ᠡ ᠬᠦᠷᠢᠶ᠎ᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠦᠷᠢᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠲᠤᠭᠤᠰᠢᠯᠠᠭᠤᠯᠤᠨ᠎ᠠ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠴᠢᠩᠭᠠᠳᠬᠠᠨ᠎ᠠ᠃      ︵ᠬᠤᠶᠠᠷ︶ ᠨᠠᠮ ᠤᠨ ᠡᠯ᠎ᠡ ᠵᠦᠢᠯ ᠤᠨ ᠱᠤᠭᠤᠮ ᠴᠢᠭᠯᠡᠯᠲᠡ ᠲᠤᠶᠢᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ᠂ ᠲᠣᠭᠲᠠᠭᠠᠯ ᠢ ᠬᠡᠷᠡᠭᠵᠢᠭᠦᠯᠦᠨ᠎ᠡ︔ ᠬᠠᠷᠢᠶᠠᠲᠤ ᠣᠷᠣᠨ ᠤ ᠳᠣᠲᠣᠷᠠᠬᠢ ᠠᠵᠤ ᠠᠬᠤᠢ ᠪᠠ ᠨᠡᠶᠢᠭᠡᠮ ᠤᠨ ᠬᠥᠭᠵᠢᠯᠲᠡ᠂ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠭᠤᠷᠪᠠ︶ ᠬᠠᠷᠢᠶᠠᠲᠤ ᠣᠷᠣᠨ ᠤ ᠳᠣᠲᠣᠷᠠᠬᠢ ᠬᠤᠳᠠ ᠶᠢᠨ ᠳᠦᠷᠰᠦ ᠪᠠᠶᠢᠳᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠰᠠᠭᠤᠭᠠᠯᠢ ᠲᠣᠭᠤᠷᠢᠭ ᠤᠨ ᠠᠳᠠᠯ ᠠᠬᠤᠢ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃      ︵ᠳᠥᠷᠪᠡ︶ ᠨᠡᠶᠢᠭᠡᠮ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠢᠳᠡᠪᠬᠢᠲᠡᠢ ᠪᠠᠷ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠡᠬᠢ ᠪᠠᠶᠠᠯᠢᠭ ᠢ ᠲᠣᠰᠬᠤᠨ ︵ᠨᠡᠶᠢᠭᠡᠮ ᠲᠣᠭᠤᠷᠠᠭ︶ ᠲᠡᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠠᠯᠪᠠᠨ ᠠᠴᠠ ᠡᠷᠬᠢᠯᠡᠬᠦ ᠠᠷᠠᠳ ᠠᠴᠠ ᠡᠷᠬᠢᠯᠡᠬᠦ ᠶᠢ ᠵᠡᠷᠭᠡ ᠪᠠᠷ ᠴᠢᠬᠤᠯᠠᠴᠢᠯᠠᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠢ ᠲᠦᠷᠭᠡᠳᠬᠡᠨ ᠪᠠᠶᠢᠭᠤᠯᠤᠨ᠎ᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠵᠣᠭᠤᠰ ᠵᠠᠷᠤᠴᠠᠭᠤᠯᠤᠨ ᠬᠥᠮᠥᠨ ᠢ ᠲᠡᠵᠢᠭᠡᠵᠦ ᠪᠠᠶᠢᠭᠰᠠᠨ ᠠᠴᠠ ᠵᠣᠭᠤᠰ ᠵᠠᠷᠤᠴᠠᠭᠤᠯᠤᠨ ᠤᠴᠢᠷ ᠶᠠᠪᠤᠳᠠᠯ ᠪᠦᠲᠦᠭᠡᠬᠦ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠤᠨ᠎ᠠ᠃ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠪᠠᠲᠤᠯᠠᠭ᠎ᠠ᠂ ᠬᠥᠳᠡᠯᠮᠦᠷᠢ ᠠᠵᠢᠯ ᠣᠯᠭᠤᠯᠲᠠ᠂ ᠡᠷᠡᠭᠦᠯ ᠮᠡᠨᠳᠤ᠂ ᠠᠰᠠᠷᠠᠨ ᠬᠠᠷᠠᠭᠠᠯᠵᠠᠬᠤ ᠬᠠᠪᠰᠤᠷᠤᠨ ᠲᠡᠳᠬᠦᠬᠦ᠂ ᠨᠡᠶᠢᠭᠡᠮ ᠤᠨ ᠠᠰᠠᠷᠠᠮᠵᠢ᠂ ᠵᠡᠮᠳᠡᠭᠴᠦᠳ ᠤᠨ ᠪᠠᠲᠤᠯᠠᠭ᠎ᠠ ᠪᠠ ᠨᠠᠰᠤᠲᠠᠶᠢᠴᠤᠳ ᠤᠨ ᠠᠵᠢᠯ ᠵᠡᠷᠭᠡ ᠶᠢ ᠰᠠᠶᠢᠲᠤᠷ ᠬᠢᠵᠦ᠂ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠬᠢᠨ᠎ᠡ᠃      ︵ᠲᠠᠪᠤ︶ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠠᠷᠢᠶᠠᠲᠤ ᠣᠷᠣᠨ ᠤ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ︔ ᠬᠠᠷᠢᠶᠠᠲᠤ ᠣᠷᠣᠨ ᠤ ᠳᠣᠲᠣᠷᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠵᠤ᠂ ᠢᠷᠭᠡᠨ ᠤ ᠬᠡᠷᠡᠭ ᠤᠨ ᠡᠶᠡᠳᠡᠭᠦᠯᠭᠡ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃      ︵ᠵᠢᠷᠭᠤᠭ᠎ᠠ︶ ᠠᠮᠤᠷ ᠲᠦᠪᠰᠢᠨ ᠲᠣᠭᠲᠠᠭᠤᠨ ᠪᠠᠶᠢᠯᠭᠠᠬᠤ ᠪᠠ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ ᠠᠮᠤᠷ ᠲᠦᠪᠰᠢᠨ ᠲᠣᠭᠲᠠᠭᠤᠨ ᠪᠠᠶᠢᠯᠭᠠᠬᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠂ ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢ ᠰᠢᠢᠳᠪᠦᠷᠢᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠨ᠎ᠠ᠃ ᠠᠶᠤᠯᠭᠦᠢ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠨ᠎ᠡ᠃      ︵ᠳᠣᠯᠤᠭ᠎ᠠ︶ ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠲᠤ ᠲᠦᠰᠢᠭᠯᠡᠨ᠂ ᠰᠢᠶᠠᠩ ᠪᠠᠯᠭᠠᠰᠤ ᠶᠢᠨ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠳᠤ ᠲᠥᠪᠯᠡᠷᠡᠭᠦᠯᠬᠦ ᠶᠢ ᠠᠬᠢᠭᠤᠯᠵᠤ᠂ ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠭᠦᠢᠴᠡᠳᠬᠡᠬᠦ᠂ ᠨᠢᠭᠡᠳᠦᠯᠲᠡᠢ ᠴᠣᠩᠬᠤ ᠪᠠᠷ ᠪᠢᠴᠢᠭ ᠮᠠᠲ᠋ᠧᠷᠢᠶᠠᠯ ᠭᠠᠷᠭᠠᠬᠤ ᠭᠥᠯᠢᠶᠡᠨ ᠠᠪᠴᠤ ᠰᠢᠢᠳᠪᠦᠷᠢᠯᠡᠬᠦ ᠶᠢ ᠰᠠᠯᠭᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠵᠠᠭᠪᠤᠷ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠳᠠᠷᠤᠶᠢᠬᠠᠨ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠣᠶᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠵᠦ᠂ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠥᠷᠲᠡᠭᠡ ᠴᠡᠭ ᠤᠨ ᠪᠦᠲᠦᠭᠡᠨ ᠪᠠᠶᠢᠭᠤᠯᠤᠯᠲᠠ ᠶᠢ ᠪᠦᠬᠦᠨ ᠢ ᠬᠠᠮᠤᠷᠬᠤ ᠶᠢ ᠢᠳᠡᠪᠬᠢᠲᠡᠢ ᠠᠬᠢᠭᠤᠯᠤᠨ᠎ᠠ᠃      ︵ᠨᠠᠢᠮᠠ︶ ᠬᠠᠷᠢᠶᠠᠲᠤ ᠣᠷᠣᠨ ᠤ ᠳᠣᠲᠣᠷᠠᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠵᠢᠯ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ︵ᠶᠢᠰᠦ︶ ᠲᠣᠰᠬᠤᠨ ᠤ ᠠᠷᠠᠳ ᠤᠨ ᠵᠥᠪᠯᠡᠯ ᠪᠠ ᠰᠠᠭᠤᠭᠠᠯᠢ ᠠᠷᠠᠳ ᠤᠨ ᠵᠥᠪᠯᠡᠯ ᠤᠨ ᠠᠵᠢᠯ ᠢ ᠵᠢᠯᠣᠭᠤᠳᠤᠨ᠎ᠠ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠶᠢ ᠲᠣᠬᠢᠷᠠᠭᠤᠯᠤᠨ᠎ᠠ᠄      ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠂ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠃      ᠡᠯ᠎ᠡ ᠳᠣᠲᠣᠭᠠᠳᠤ ᠪᠠᠶᠢᠭᠤᠯᠤᠮᠵᠢ ᠶᠢᠨ ᠭᠤᠣᠯ ᠠᠵᠢᠯ ᠤᠨ ᠡᠭᠦᠷᠭᠡ ᠬᠠᠷᠢᠭᠤᠴᠠᠯᠭ᠎ᠠ᠄      ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ      ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠠᠵᠢᠯ ᠤᠨ ᠲᠤᠰᠢᠶᠠᠯ ᠬᠠᠷᠢᠭᠤᠴᠠᠯᠭ᠎ᠠ᠄ ᠭᠤᠣᠯᠳᠠᠭᠤ ᠰᠢᠶᠠᠩ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠠᠵᠢᠯ ᠪᠠ ᠵᠠᠰᠠᠭ ᠵᠠᠬᠢᠷᠭᠠᠨ ᠤ ᠠᠵᠢᠯ ᠢ ᠬᠠᠷᠢᠭᠤᠴᠠᠨ᠎ᠠ︔ ᠪᠠᠶᠢᠭᠤᠯᠭ᠎ᠠ ᠶᠢᠨ ᠠᠯᠪᠠᠨ ᠪᠢᠴᠢᠭ ᠴᠠᠬᠢᠯᠭᠠᠨ ᠮᠡᠳᠡᠭᠡ᠂ ᠨᠢᠭᠤᠴᠠ ᠴᠢᠬᠤᠯᠠ ᠮᠠᠲ᠋ᠧᠷᠢᠶᠠᠯ᠂ ᠨᠢᠭᠤᠴᠠ ᠶᠢ ᠬᠠᠮᠠᠭᠠᠯᠠᠬᠤ᠂ ᠮᠡᠳᠡᠭᠡ ᠵᠠᠩᠭᠢ᠂ ᠬᠤᠷᠠᠯ ᠤᠨ ᠶᠠᠪᠤᠳᠠᠯ᠂ ᠲᠠᠩᠰᠠ ᠡᠪᠬᠡᠮᠡᠯ᠂ ᠰᠢᠪᠠᠳᠠᠨ ᠰᠢᠢᠳᠪᠦᠷᠢᠯᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠬᠠᠷᠢᠭᠤᠴᠠᠨ᠎ᠠ︔ ᠴᠢᠬᠤᠯᠠ ᠤᠴᠢᠷ ᠶᠠᠪᠤᠳᠠᠯ ᠢ ᠶᠡᠷᠦᠩᠬᠡᠶᠢᠯᠡᠨ ᠵᠣᠬᠢᠴᠠᠭᠤᠯᠬᠤ ᠪᠠ ᠴᠢᠬᠤᠯᠠ ᠡᠬᠡ ᠪᠢᠴᠢᠭ ᠢ ᠲᠤᠭᠤᠷᠪᠢᠵᠤ ᠬᠢᠨᠠᠨ ᠬᠠᠷᠭᠤᠭᠤᠯᠬᠤ ᠶᠢ ᠬᠠᠷᠢᠭᠤᠴᠠᠨ᠎ᠠ︔ ᠨᠡᠶᠢᠭᠡᠮ ᠤᠨ ᠠᠵᠤ ᠠᠬᠤᠢ ᠶᠢᠨ ᠪᠠᠶᠢᠴᠠᠭᠠᠨ ᠪᠦᠷᠢᠳᠬᠡᠬᠦ ᠵᠡᠷᠭᠡ ᠠᠵᠢᠯ ᠢ ᠡᠭᠦᠷᠭᠡᠯᠡᠨ᠎ᠡ᠃      ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ      ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠭᠤᠣᠯ ᠲᠤᠰᠢᠶᠠᠯ ᠬᠠᠷᠢᠭᠤᠴᠠᠯᠭ᠎ᠠ᠄ ᠭᠤᠣᠯᠳᠠᠭᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠢᠭᠡᠳᠦᠮᠡᠯ ᠹᠷᠣᠨᠲ ᠤᠨ ᠠᠵᠢᠯ ᠢ ᠬᠠᠷᠢᠭᠤᠴᠠᠨ᠎ᠠ︔ ᠬᠠᠷᠢᠶᠠᠲᠤ ᠣᠷᠣᠨ ᠤ ᠳᠣᠲᠣᠷᠠᠬᠢ ᠣᠯᠠᠨ ᠲᠦᠮᠡᠨ ᠤ ᠪᠦᠯᠬᠦᠮ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠠᠵᠢᠯ ᠢ ᠥᠷᠨᠢᠭᠦᠯᠦᠨ᠎ᠡ︔ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃      ︵ᠭᠤᠷᠪᠠ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ      ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠵᠡᠮᠳᠡᠭᠴᠦᠳ ᠤᠨ ᠬᠤᠯᠪᠣᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠰᠣᠶᠣᠯ᠂ ᠵᠢᠭᠤᠯᠴᠢᠯᠠᠯ ᠤᠨ ᠬᠠᠮᠢᠶᠠᠷᠤᠯᠲᠠ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠳᠥᠷᠪᠡ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ      ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ ᠠᠮᠤᠷ ᠲᠦᠪᠰᠢᠨ ᠤ ᠪᠠᠶᠢᠭᠤᠯᠤᠯᠲᠠ᠂ ᠶᠡᠷᠦᠩᠬᠡᠶᠢᠯᠡᠨ ᠵᠠᠰᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠳᠤ ᠦᠢᠯᠡᠴᠢᠯᠡᠬᠦ᠂ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠵᠢᠴᠢ ᠵᠠᠬᠢᠳᠠᠯ ᠰᠣᠷᠪᠤᠯᠵᠢᠯᠠᠭ᠎ᠠ ᠤᠲᠠᠰᠤ ᠢᠷᠡᠬᠦ ᠪᠠ ᠰᠦᠯᠵᠢᠶᠡᠨ ᠳᠡᠭᠡᠷ᠎ᠡ ᠵᠠᠭᠠᠯᠳᠤᠬᠤ᠂ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠵᠡᠷᠭᠡ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃      ︵ᠲᠠᠪᠤ︶ ᠬᠤᠳᠠ ᠶᠢᠨ ᠬᠠᠮᠢᠶᠠᠷᠤᠯᠲᠠ ᠶᠢᠨ ᠠᠯᠪᠠᠨ ᠭᠡᠷ      ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ ᠬᠤᠲᠠ ᠶᠢᠨ ᠬᠤᠲᠠ ᠶᠢᠨ ᠳᠦᠷᠰᠦ ᠪᠠᠶᠢᠳᠠᠯ ᠢ ᠬᠠᠮᠢᠶᠠᠷᠬᠤ᠂ ᠨᠣᠭᠤᠭᠠᠷᠠᠭᠤᠯᠵᠤ ᠭᠤᠶᠣᠵᠢᠭᠤᠯᠬᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠬᠠᠮᠵᠢᠨ ᠰᠠᠶᠢᠲᠤᠷ ᠬᠢᠬᠦ ᠶᠢ ᠡᠭᠦᠷᠭᠡᠯᠡᠨ᠎ᠡ︔ ᠳᠡᠭᠡᠳᠦ ᠱᠠᠲᠤᠨ ᠤ ᠬᠤᠳᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠤᠬᠠᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠣᠨ ᠬᠡᠷᠡᠭᠵᠢᠭᠦᠯᠵᠦ᠂ ᠬᠤᠳᠠ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠪᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠠᠵᠢᠯ ᠢ ᠬᠠᠪᠰᠤᠷᠤᠨ ᠰᠠᠶᠢᠲᠤᠷ ᠬᠢᠬᠦ ᠶᠢ ᠡᠭᠦᠷᠭᠡᠯᠡᠨ᠎ᠡ︔ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠭᠠᠵᠠᠷ ᠲᠠᠲᠠᠪᠤᠷᠢᠯᠠᠬᠤ᠂ ᠨᠤᠷᠠᠭᠠᠵᠤ ᠨᠡᠭᠦᠯᠭᠡᠬᠦ᠂ ᠲᠥᠪᠬᠢᠨᠡᠭᠦᠯᠬᠦ ᠠᠵᠢᠯ ᠢ ᠬᠠᠮᠵᠢᠨ ᠰᠠᠶᠢᠲᠤᠷ ᠬᠢᠬᠦ ᠶᠢ ᠡᠭᠦᠷᠭᠡᠯᠡᠨ᠎ᠡ᠃      ︵ᠵᠢᠷᠭᠤᠭ᠎ᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ      ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠪᠠ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠬᠦ ᠶᠢ ᠬᠠᠷᠢᠭᠤᠴᠠᠨ᠎ᠠ᠃      ︵ᠳᠣᠯᠤᠭ᠎ᠠ︶ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ      ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄ ᠬᠠᠷᠢᠶᠠᠲᠤ ᠣᠷᠣᠨ ᠤ ᠳᠣᠲᠣᠷᠠᠬᠢ ᠨᠠᠮ ᠤᠨ ᠪᠠᠶᠢᠭᠤᠯᠤᠯᠲᠠ ᠶᠢᠨ ᠡᠳᠦᠷ ᠲᠤᠲᠤᠮ ᠤᠨ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ ᠬᠠᠷᠢᠯᠴᠠᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ︔ ᠵᠡᠭᠡᠯᠢ ᠶᠢᠨ ᠬᠠᠷᠢᠶᠠᠲᠤ ᠲᠣᠭᠤᠷᠢᠭ ᠲᠠᠬᠢ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠡᠷᠦᠬᠡ ᠶᠢᠨ ᠴᠡᠷᠢᠭ ᠵᠡᠷᠭᠡ ᠡᠯ᠎ᠡ ᠲᠥᠷᠥᠯ ᠤᠨ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠶᠢ ᠵᠢᠯᠣᠭᠤᠳᠤᠨ ᠵᠣᠬᠢᠴᠠᠭᠤᠯᠤᠨ᠎ᠠ︔ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠤᠨ ᠬᠠᠮᠢᠶ᠎ᠠ ᠪᠦᠬᠦᠢ ᠵᠦᠢᠯᠡᠰ ᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠰᠠᠶᠢᠨ ᠳᠤᠷ᠎ᠠ ᠶᠢᠨ᠂ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠨᠠᠢᠮᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠭᠤᠣᠯ ᠡᠭᠦᠷᠭᠡ ᠬᠠᠷᠢᠭᠤᠴᠠᠯᠭ᠎ᠠ᠄ ᠭᠤᠣᠯᠳᠠᠭᠤ ᠲᠣᠰ ᠪᠠᠯᠭᠠᠰᠤ ᠶᠢᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠠᠵᠢᠯ ᠤᠨ ᠬᠡᠷᠡᠭᠵᠢᠭᠦᠯᠦᠯᠲᠡ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠡᠭᠦᠷᠭᠡᠯᠡᠨ᠎ᠡ᠃      ︵ᠶᠢᠰᠦ︶ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ      ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠲᠥᠪ ᠤᠨ ᠭᠤᠣᠯ ᠡᠭᠦᠷᠭᠡ ᠬᠠᠷᠢᠭᠤᠴᠠᠯᠭ᠎ᠠ᠄  1. ᠲᠠᠷᠢᠶᠠᠯᠠᠩ᠂ ᠮᠠᠯ ᠠᠵᠤ ᠠᠬᠤᠢ᠂ ᠣᠶ ᠰᠢᠭᠤᠢ᠂ ᠤᠰᠤ ᠵᠡᠷᠭᠡ ᠬᠦᠷᠢᠶ᠎ᠡ ᠴᠠᠷᠠᠭ᠎ᠠ ᠶᠢᠨ ᠮᠡᠷᠭᠡᠵᠢᠯ ᠤᠨ ᠦᠢᠯᠡᠴᠢᠯᠡᠭᠡ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ 2. ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠠᠯᠤᠰ ᠤᠨ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ 3. ᠲᠠᠷᠢᠶᠠᠯᠠᠩ ᠤᠨ ᠰᠢᠨ᠎ᠡ ᠲᠤᠶᠢᠷᠦᠯ ᠵᠦᠢᠯ᠂ ᠰᠢᠨ᠎ᠡ ᠲᠧᠭᠨᠢᠭ ᠮᠡᠷᠭᠡᠵᠢᠯ᠂ ᠰᠢᠨ᠎ᠡ ᠬᠡᠪ ᠵᠠᠭᠪᠤᠷ᠂ ᠰᠢᠨ᠎ᠡ ᠮᠠᠰᠢᠨ ᠪᠠᠭᠠᠵᠢ ᠳᠤ ᠲᠤᠷᠰᠢᠯᠲᠠ ᠬᠢᠵᠦ᠂ ᠤᠶᠢᠯᠢᠭᠡᠷ ᠵᠢᠱᠢᠶ᠎ᠡ ᠦᠵᠡᠭᠦᠯᠦᠨ᠎ᠡ︔ 4. ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠠᠵᠢᠯ ᠢ ᠬᠠᠷᠢᠭᠤᠴᠠᠨ᠎ᠠ︔ 5. ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ︔ 6.ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠶᠢ ᠪᠣᠶᠢᠵᠢᠭᠤᠯᠵᠤ᠂ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ᠂ ᠮᠡᠷᠭᠡᠵᠢᠯ ᠤᠨ ᠯᠠᠪᠯᠠᠯᠭ᠎ᠠ᠂ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠎ᠡ︔ 7. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠲᠤᠬᠠᠢ ᠶᠢᠨ ᠭᠠᠵᠠᠷ ᠤᠨ ᠲᠠᠷᠢᠶᠠᠯᠠᠩ ᠳᠤ ᠬᠡᠷᠡᠭᠯᠡᠬᠦ ᠦᠢᠯᠡᠳᠪᠦᠷᠢᠯᠡᠯ ᠤᠨ ᠬᠡᠷᠡᠭᠰᠡᠯ ᠪᠠ ᠲᠠᠷᠢᠶᠠᠯᠠᠩ ᠤᠨ ᠣᠷᠴᠢᠨ ᠠᠬᠤᠢ ᠶᠢᠨ ᠬᠠᠮᠠᠭᠠᠯᠠᠯᠲᠠ ᠶᠢ ᠬᠢᠨᠠᠵᠤ ᠬᠠᠮᠢᠶᠠᠷᠬᠤ ᠠᠵᠢᠯ ᠢ ᠰᠠᠶᠢᠲᠤᠷ ᠬᠢᠨ᠎ᠡ᠃      ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ      ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30 - 12᠄ 00 14᠄ 30 - 17᠄ 30      ᠳᠥᠷᠪᠡ᠂ ᠤᠲᠠᠰᠤ᠄ 0471-8821229      ᠲᠠᠪᠤ᠂ ᠬᠠᠷᠢᠭᠤᠴᠠᠯᠭᠠᠲᠠᠨ᠄ ᠷᠧᠨ ᡁᠢ ᠰᠢᠶᠠᠨ᠂ ᠱᠢ ᠶᠤᠸᠠᠢ ᠯᠢᠨ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号