ᠬᠡᠷᠡᠭᠯᠡᠭᠡ ᠶᠢᠨ ᠳᠠᠯᠳᠠ ᠬᠦᠴᠦᠨ ᠢ ᠪᠦᠭᠦ ᠬᠦᠴᠦᠨ ᠢᠶᠠᠷ ᠢᠶᠠᠨ ᠠᠭᠤᠳᠠᠯᠵᠤ ᠠᠵᠤ ᠠᠬᠤᠢ ᠶᠢᠨ ᠳᠠᠬᠢᠨᠲᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/10
     -  ᠥᠪᠡᠷᠲᠡᠭᠡᠨ ᠵᠠᠰᠠᠬᠤ ᠣᠷᠣᠨ ᠤ  ᠨᠠᠮ ᠤᠨ  ᠬᠤᠷᠢᠶ᠎ᠠ ᠶᠢᠨ  ᠠᠷᠪᠠᠨ  ᠨᠢᠭᠡᠳᠦᠭᠡᠷ  ᠬᠤᠭᠤᠴᠠᠭᠠᠨ ᠤ  ᠳᠣᠯᠣᠳᠤᠭᠠᠷ ᠪᠦᠭᠦᠳᠡ ᠬᠤᠷᠠᠯ  ᠵᠢᠴᠢ  ᠪᠦᠭᠦ  ᠣᠷᠣᠨ ᠤ  ᠠᠵᠤ  ᠠᠬᠤᠢ ᠶᠢᠨ  ᠠᠵᠢᠯ ᠤᠨ  ᠬᠤᠷᠠᠯ ᠤᠨ    ᠵᠣᠷᠢᠭ   ᠰᠠᠨᠠᠭ᠎ᠠ ᠶᠢ    ᠰᠤᠷᠤᠯᠴᠠᠨ   ᠲᠤᠭᠤᠰᠢᠯᠠᠭᠤᠯᠬᠤ   ᠲᠤᠬᠠᠢ   ᠰᠢᠷᠢᠰ   ᠰᠣᠷᠪᠤᠯᠵᠢᠯᠠᠭ᠎ᠠ  ⑧      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ 2024 ᠣᠨ ᠤ ᠠᠵᠤ ᠠᠬᠤᠢ ᠶᠢᠨ ᠠᠵᠢᠯ ᠳᠤ ᠲᠤᠯᠤᠭᠠᠨ ᠲᠠᠯ᠎ᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠂ ᠡᠭᠦᠨ ᠤ ᠳᠣᠲᠣᠷᠠᠬᠢ ᠨᠢᠭᠡ ᠨᠢ ᠬᠡᠷᠡᠭᠯᠡᠭᠡ ᠶᠢᠨ ᠳᠠᠯᠳᠠ ᠬᠦᠴᠦᠨ ᠢ ᠪᠦᠭᠦ ᠬᠦᠴᠦᠨ ᠢᠶᠠᠷ ᠢᠶᠠᠨ ᠠᠭᠤᠳᠠᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠬᠤᠶᠠᠷ ᠲᠠᠯ᠎ᠠ ᠪᠠᠷ ᠠᠳᠬᠤᠵᠤ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠰᠢᠨ᠎ᠡ ᠡᠨᠧᠷᠭᠢ ᠶᠢᠨ ᠠᠵᠢᠯᠯᠠᠭᠤᠯᠵᠤ ᠪᠠᠲᠤᠯᠠᠬᠤ᠂ ᠡᠳ᠋ ᠪᠠᠷᠠᠭᠠᠨ ᠤ ᠭᠦᠢᠯᠭᠡᠭᠡᠨ ᠤ ᠭᠦᠮᠥᠷᠭᠡᠯᠡᠯᠲᠡ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠬᠦᠷᠢᠶᠡᠨ ᠳᠠᠬᠢ ᠪᠡᠯᠡ ᠣᠷᠣᠭᠤᠯᠤᠯᠲᠠ ᠶᠢ ᠳᠠᠶᠢᠴᠢᠯᠠᠵᠤ ᠳᠡᠶᠢᠯᠭᠦ ᠮᠥᠷᠲᠡᠭᠡᠨ ᠳᠠᠯᠳᠠ ᠬᠡᠷᠡᠭᠴᠡᠭᠡ ᠶᠢ ᠴᠦ ᠬᠥᠭᠵᠢᠭᠡᠵᠦ ᠳᠡᠶᠢᠯᠭᠦ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠬᠦ ᠶᠠᠪᠤᠳᠠᠯ ᠪᠣᠯᠣᠨ᠎ᠠ᠃      ᠬᠡᠷᠡᠭᠯᠡᠭᠡ ᠪᠣᠯ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠭᠦᠷ ᠤᠨ ᠨᠢᠭᠡ ᠮᠥᠨ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ  ᠰᠠᠭᠠᠳ ᠦᠭᠡᠢ ᠨᠡᠪᠲᠡᠷᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢᠨ ᠰᠢᠭᠤᠳ ᠢᠯᠡᠷᠡᠯ ᠮᠥᠨ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠡ ᠶᠢᠨ ᠲᠠᠯᠳᠠ ᠬᠦᠴᠦᠨ ᠢ ᠪᠦᠲᠦᠮᠵᠢᠲᠡᠶ ᠪᠠᠷ ᠬᠥᠭᠵᠢᠭᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠪᠡᠯᠡ ᠣᠷᠣᠭᠤᠯᠤᠯᠲᠠ ᠶᠢ ᠥᠷᠭᠡᠳᠬᠡᠬᠦ ᠪᠤᠢ︖ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠾᠧᠦ ᠶᠠᠨ ᠬᠤᠢ᠂ ᠪᠤᠭᠤᠲᠤ ᠬᠤᠳᠠ ᠶᠢᠨ ᠵᠢᠤᠶᠤᠸᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦ ᠪᠦᠸᠧ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠶᠣᠯ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ ᠢ ᠰᠤᠷᠪᠤᠯᠵᠢᠯᠠᠪᠠ᠃      ︽ᠣᠷᠴᠢᠮᠬᠠᠨ ᠬᠤᠷᠠᠯᠳᠤᠭᠰᠠᠨ ᠲᠥᠪ ᠤᠨ ᠠᠵᠤ ᠠᠬᠤᠢ ᠶᠢᠨ ᠬᠤᠷᠠᠯ ᠠᠴᠠ 2024 ᠣᠨ ᠳᠤ ᠬᠡᠷᠡᠭᠯᠡᠭᠡ ᠶᠢ ᠬᠢᠵᠢᠭ ᠤᠨ ᠳᠠᠷᠠᠭᠠᠬᠢ ᠰᠡᠷᠭᠦᠭᠡᠯᠲᠡ ᠠᠴᠠ ᠦᠷᠭᠦᠯᠵᠢᠯᠡᠨ ᠥᠷᠭᠡᠳᠬᠡᠬᠦ ᠲᠡᠶᠢᠰᠢ ᠠᠬᠢᠭᠤᠯᠬᠤ ᠬᠡᠷᠡᠭᠲᠡᠢ ᠭᠡᠵᠦ ᠳᠤᠷᠠᠳᠴᠠᠢ᠃ ᠡᠨᠡ ᠤᠳᠠᠭ᠎ᠠ ᠶᠢᠨ ᠪᠦᠭᠦᠳᠡ ᠬᠤᠷᠠᠯ ᠠᠴᠠ ᠬᠤᠯᠪᠣᠭᠳᠠᠯ ᠪᠦᠬᠦᠢ ᠬᠦᠷᠢᠶᠡᠨ ᠤ ᠪᠡᠯᠡ ᠣᠷᠣᠭᠤᠯᠤᠯᠲᠠ ᠶᠢ ᠳᠠᠶᠢᠴᠢᠯᠠᠵᠤ ᠴᠢᠳᠠᠬᠤ ᠪᠥᠭᠡᠳ ᠪᠠᠰᠠ ᠳᠠᠯᠳᠠ ᠬᠡᠷᠡᠭᠴᠡᠭᠡ ᠶᠢ ᠬᠥᠭᠵᠢᠭᠡᠵᠦ ᠴᠢᠳᠠᠬᠤ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠡ ᠭᠡᠵᠦ ᠳᠤᠷᠠᠳᠴᠠᠢ︾᠃ ᠾᠧᠦ ᠶᠠᠨ ᠬᠤᠢ᠄︽ᠬᠤᠷᠠᠯ ᠤᠨ ᠵᠣᠷᠢᠭ ᠰᠠᠨᠠᠭ᠎ᠠ ᠪᠠᠷ᠂ ᠮᠠᠨ ᠤ ᠲᠢᠩᠬᠢᠮ 2024 ᠣᠨ ᠳᠤ ᠳᠣᠣᠷᠠᠬᠢ ᠬᠡᠳᠦᠨ ᠲᠠᠯ᠎ᠠ ᠶᠢᠨ ᠬᠡᠷᠡᠭᠯᠡᠭᠡ ᠶᠢ ᠠᠬᠢᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ ᠨᠢᠭᠡ ᠳᠤ ᠮᠠᠰᠢᠨ ᠲᠡᠷᠭᠡ᠂ ᠭᠡᠷ ᠤᠨ ᠴᠠᠭᠢᠯᠭᠠᠨ ᠬᠡᠷᠡᠭᠰᠡᠯ᠂ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠬᠡᠷᠡᠭᠯᠡᠭᠡ ᠶᠢ ᠴᠢᠨᠠᠭᠰᠢᠳᠠ ᠲᠣᠭᠲᠠᠪᠤᠷᠢᠵᠢᠭᠤᠯᠤᠨ᠎ᠠ᠃ ᠬᠤᠶᠠᠷ ᠲᠤ ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭ᠎ᠠ᠂ ᠠᠩᠬᠠᠨ ᠤ ᠳᠡᠯᠭᠡᠭᠦᠷ ᠤᠨ ᠠᠵᠤ ᠠᠬᠤᠢ᠂ ᠲᠥᠷᠥᠯ ᠲᠡᠮᠳᠡᠭᠲᠦ ᠶᠢᠨ ᠴᠢᠨᠠᠷ ᠴᠢᠨᠰᠠᠭ᠎ᠠ ᠶᠢᠨ ᠬᠡᠷᠡᠭᠯᠡᠭᠡ ᠵᠡᠷᠭᠡ ᠰᠢᠨ᠎ᠡ ᠨᠡᠮᠡᠭᠳᠡᠯ ᠤᠨ ᠴᠡᠭ ᠢ ᠲᠠᠰᠤᠷᠠᠯᠲᠠ ᠦᠭᠡᠢ ᠪᠣᠶᠢᠵᠢᠭᠤᠯᠤᠨ᠎ᠠ᠃ ᠭᠤᠷᠪᠠ ᠳᠤ ᠬᠡᠷᠡᠭᠯᠡᠭᠡᠨ ᠤ ᠠᠴᠢᠶᠠᠯᠠᠪᠤᠷᠢ ᠶᠢ ᠦᠷᠭᠦᠯᠵᠢᠯᠡᠨ ᠲᠡᠰ ᠳᠡᠪᠰᠢᠭᠦᠯᠵᠦ᠂ ᠶᠠᠪᠠᠭᠠᠨ ᠵᠡᠭᠡᠯᠢ ᠪᠠᠷ ᠤᠳᠤᠷᠢᠳᠤᠮᠵᠢ ᠪᠤᠯᠭᠠᠵᠤ᠂ ᠠᠷᠠᠳ ᠲᠤ ᠲᠦᠭᠦᠮ ᠦᠵᠡᠭᠦᠯᠭᠦ ᠠᠮᠢᠳᠤᠷᠠᠯ ᠤᠨ ᠲᠣᠭᠤᠷᠢᠭ ᠢᠶᠠᠷ ᠰᠠᠭᠤᠷᠢ ᠪᠤᠯᠭᠠᠬᠰᠠᠨ᠂ ᠪᠠᠶᠢᠷᠢᠰᠢᠯ ᠨᠢ ᠵᠦᠢ ᠵᠣᠬᠢᠰᠲᠠᠢ᠂ ᠡᠵᠡᠩᠨᠡᠯᠲᠡ ᠶᠢᠨ ᠭᠡᠯᠪᠡᠷᠢ ᠪᠠᠶᠢᠳᠠᠯ ᠨᠢ ᠤᠯᠠᠨ ᠶᠠᠩᠵᠤ ᠶᠢᠨ᠂ ᠬᠤᠳᠠᠯᠳᠤᠭ᠎ᠠ ᠣᠷᠣᠨ ᠰᠠᠭᠤᠴᠠ ᠨᠢ ᠡᠶ᠎ᠡ ᠵᠣᠬᠢᠴᠠᠯ ᠲᠠᠢ ᠬᠤᠳᠠᠯᠳᠤᠭᠠᠨ ᠤ ᠰᠢᠰᠲ᠋ᠧᠮ ᠢ ᠲᠦᠷᠭᠡᠳᠬᠡᠨ ᠪᠠᠶᠢᠭᠤᠯᠵᠤ ᠲᠡᠭᠦᠯᠳᠡᠷᠵᠢᠭᠦᠯᠦᠨ᠎ᠡ᠃ ᠳᠥᠷᠪᠡ ᠳᠤ ᠰᠢᠨ᠎ᠡ ᠵᠢᠯ ᠢ ᠤᠭᠲᠤᠬᠤ᠂ ᠤᠷᠢᠬᠠᠨ ᠬᠠᠪᠤᠷ᠂ ᠳᠡᠯᠭᠡᠷ ᠵᠤᠨ᠂ ᠠᠯᠳᠠᠨ ᠨᠠᠮᠤᠷ᠂ ᠮᠥᠩᠭᠦᠨ ᠡᠪᠦᠯ ᠵᠡᠷᠭᠡ 5 ᠬᠡᠷᠡᠭᠯᠡᠭᠡ ᠶᠢᠨ ᠤᠯᠠᠷᠢᠯ ᠢ ᠬᠤᠯᠪᠣᠵᠤ᠂ ︿ᠠᠮᠢᠵᠢᠷᠠᠯ ᠤᠨ ᠬᠦᠴᠦᠨ ᠲᠠᠢ ᠥᠪᠥᠷ ᠮᠣᠩᠭᠤᠯ·ᠪᠠᠶᠠᠷ ᠪᠠᠶᠠᠰᠬᠤᠯᠠᠩᠲᠤ ᠬᠡᠷᠡᠭᠯᠡᠭᠡ﹀ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠠᠳ ᠤᠯᠠᠨ ᠤ ᠰᠠᠶᠢᠨ ᠰᠠᠶᠢᠬᠠᠨ ᠬᠡᠷᠡᠭᠯᠡᠭᠡ ᠶᠢᠨ ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠨ᠎ᠠ︾ ᠭᠡᠵᠦ ᠬᠡᠯᠡᠪᠡ᠃      ᠵᠢᠤᠶᠤᠸᠠᠨ ︵ᠣᠯᠠᠨ ᠤᠯᠤᠰ︶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯ ᠪᠤᠭᠤᠲᠤ ᠶᠢᠨ ᠦᠢᠯᠡᠳᠪᠦᠷᠢᠯᠡᠯ ᠦᠢᠯᠡᠴᠢᠯᠡᠭᠡᠨ ᠤ ᠭᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷᠢᠯᠭ᠎ᠠ ᠪᠠᠶᠢᠵᠤ᠂  ᠣᠶᠤᠨᠴᠢ ᠪᠠᠷᠠᠭᠠᠨ ᠤ ᠭᠦᠢᠯᠭᠡᠭᠡ᠂ ᠪᠣᠬᠢᠷᠳᠤᠯ ᠦᠭᠡᠢ ᠠᠵᠤ ᠦᠢᠯᠡᠰ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠶᠠᠭ ᠴᠢᠷᠮᠠᠶᠢᠨ ᠪᠠᠶᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠯᠢᠦ ᠪᠦᠸᠧ᠂ ᠬᠦᠷᠢᠶᠡᠯᠡᠩ ᠲᠣᠭᠤᠷᠢᠭ ᠤᠨ ᠬᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠣᠷᠠᠬᠢ ᠠᠵᠢᠯ ᠤᠳ ᠢ ᠢᠳᠡᠪᠬᠢᠲᠡᠢ ᠥᠷᠨᠢᠭᠦᠯᠦᠨ᠎ᠡ᠄ ᠨᠢᠭᠡ ᠳᠤ᠂ ᠬᠦᠷᠢᠶᠡᠯᠡᠩ ᠲᠣᠭᠤᠷᠢᠭ ᠤᠨ ᠬᠡᠪᠴᠢᠶ᠎ᠡ ᠶᠢᠨ ᠳᠠᠪᠠᠭᠤᠯᠢᠭ ᠲᠤ ᠲᠦᠰᠢᠭᠯᠡᠵᠦ᠂ ᠣᠷᠣᠨ ᠪᠦᠰᠡ ᠶᠢᠨ ᠴᠢᠨᠠᠷᠲᠠᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ ᠶᠡᠷᠦᠩᠬᠡᠢ ᠪᠡᠯᠡ ᠣᠷᠣᠭᠤᠯᠤᠯᠲᠠ 14.4 ᠳ᠋ᠦᠩᠰᠢᠭᠤᠷ ᠲᠥᠭᠦᠷᠢᠭ ᠲᠤ ᠬᠦᠷᠴᠦ᠂ ᠲᠡᠮᠦᠷ ᠵᠠᠮ᠂ ᠵᠠᠰᠠᠮᠠᠯ ᠵᠠᠮ᠂ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠪ ᠵᠡᠷᠭᠡ ᠳᠥᠷᠪᠡᠨ ᠲᠣᠮᠣ ᠬᠡᠰᠡᠭ ᠲᠠᠢ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠭᠠᠵᠠᠷ ᠰᠢᠷᠣᠢ ᠶᠢᠨ ᠡᠬᠢ ᠪᠠᠶᠠᠯᠢᠭ ᠡᠯᠪᠡᠭ ᠳᠡᠯᠪᠡᠭ ᠳᠠᠪᠠᠭᠤᠯᠢᠭ ᠲᠠᠢ᠂ ᠵᠢᠤᠶᠤᠸᠠᠨ ︵ᠤᠯᠠᠨ ᠤᠯᠤᠰ︶ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢᠶᠠᠷ ᠭᠤᠣᠯ ᠪᠤᠯᠭᠠᠵᠤ᠂︽ᠭᠦᠭᠡᠬᠤᠲᠠ ᠪᠤᠭᠤᠲᠤ ᠣᠷᠳᠣᠰ︾ ᠤᠨ ᠠᠵᠤ ᠠᠬᠤᠢ ᠶᠢᠨ ᠲᠣᠭᠤᠷᠢᠭ ᠲᠤ ᠬᠠᠨᠳᠤᠭᠤᠯᠵᠤ᠂ ᠪᠡᠭᠡᠵᠢᠩ ᠲᠢᠶᠠᠨᠵᠢᠨ ᠾᠧᠪᠧᠢ ᠲᠠᠢ ᠬᠤᠯᠪᠣᠯᠳᠤᠨ ᠨᠡᠪᠲᠡᠷᠡᠯᠴᠡᠵᠦ᠂ ᠤᠷᠤᠰ ᠮᠣᠩᠭᠤᠯ ᠢ ᠨᠥᠯᠥᠭᠡᠯᠡᠵᠦ᠂ ᠤᠯᠠᠨ ᠤᠯᠤᠰ ᠤᠨ ᠪᠠᠷᠠᠭᠠᠨ ᠤ ᠭᠦᠢᠯᠭᠡᠭᠡ ᠬᠢᠭᠡᠳ ᠠᠷᠠᠯᠵᠢᠶ᠎ᠠ᠂ ᠤᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ᠂ ᠠᠵᠤ ᠦᠢᠯᠡᠰ ᠤᠨ ᠰᠢᠯᠵᠢᠯᠲᠡ᠂ ᠬᠤᠳᠠᠯᠳᠤᠭᠠᠨ ᠤ ᠶᠠᠪᠤᠳᠠᠯ ᠤᠨ ᠢᠵᠢ ᠪᠦᠷᠢᠳᠦᠭᠦᠯᠦᠯᠲᠡ ᠶᠢ ᠨᠢᠭᠡ ᠴᠣᠭᠴᠠᠵᠢᠭᠤᠯᠤᠭᠰᠠᠨ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠰᠢᠨ᠎ᠡ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠤᠶᠠᠷ ᠲᠤ᠂ ᠪᠤᠭᠤᠲᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠲᠥᠪ ︵B ᠭᠡᠯᠪᠡᠷᠢ︶᠂ ᠪᠤᠭᠤᠲᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠵᠡᠷᠭᠡ ᠨᠡᠭᠡᠭᠡᠯᠲᠡᠲᠤ ᠲᠠᠪᠴᠠᠩ ᠤᠨ ᠴᠢᠳᠠᠪᠤᠷᠢ ᠶᠢᠨ ᠲᠠᠰ ᠤᠨ ᠳᠡᠭᠡᠭᠰᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠪᠤᠭᠤᠲᠤ ᠬᠤᠲᠠ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠦᠷᠢᠳᠦᠭᠦᠯᠬᠦ ᠲᠥᠷᠥᠯ ᠵᠦᠢᠯ ᠳᠤ ᠲᠦᠰᠢᠭᠯᠡᠨ ᠪᠤᠭᠤᠲᠤ ᠶᠢᠨ B ᠪᠠᠲᠤᠯᠠᠭ᠎ᠠ ᠶᠢᠨ ᠴᠢᠳᠠᠮᠵᠢ ᠶᠢ ᠴᠢᠨᠠᠭᠰᠢᠳᠠ ᠥᠷᠭᠡᠳᠬᠡᠵᠦ᠂ ᠨᠠᠩ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠵᠤ ᠠᠬᠤᠶᠢᠯᠠᠯ ᠤᠨ ᠪᠤᠭᠤᠲᠤ ᠳᠤ B ᠪᠠᠲᠤᠯᠠᠭ᠎ᠠ ᠳᠤ ᠲᠤᠬᠠᠶᠢᠯᠠᠭᠰᠠᠨ ᠠᠵᠢᠯ ᠥᠷᠨᠢᠭᠦᠯᠬᠦ ᠶᠢ ᠬᠥᠲᠥᠯᠥᠨ ᠵᠢᠯᠣᠭᠤᠳᠤᠨ᠎ᠠ᠃ ᠣᠯᠠᠨ ᠭᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠲᠥᠪ ᠢ ᠭᠦᠢᠴᠡᠳ ᠠᠰᠢᠭᠯᠠᠵᠤ᠂ ᠲᠥᠷᠥ ᠶᠢᠨ ᠪᠣᠳᠣᠯᠭ᠎ᠠ ᠶᠢᠨ ᠬᠤᠷᠠᠮᠳᠤᠭᠰᠠᠨ᠂ ᠬᠦᠴᠦᠨ ᠵᠦᠢᠯ ᠤᠨ ᠪᠦᠷᠢᠨ ᠭᠦᠢᠴᠡᠳ᠂ ᠴᠢᠳᠠᠮᠵᠢ ᠶᠢᠨ ᠰᠢᠨ᠎ᠡ ᠶᠢ ᠡᠭᠦᠳᠦᠭᠰᠡᠨ ᠪᠠ ᠡᠬᠢ ᠪᠠᠶᠠᠯᠢᠭ ᠤᠨ ᠲᠥᠪᠯᠡᠷᠡᠭᠰᠡᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠲᠥᠪᠯᠡᠷᠡᠯ ᠤᠨ ᠣᠷᠣᠨ ᠪᠠ ᠬᠢᠯᠢ ᠠᠯᠤᠰᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠢ ᠪᠠᠶᠢᠭᠤᠯᠤᠨ᠎ᠠ᠃ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠶᠢᠨ ᠬᠠᠮᠲᠤ ᠲᠤᠰᠬᠠᠶᠢᠵᠢᠯᠲᠠ ᠪᠠ ᠦᠷᠳᠡᠭ ᠤᠨ ᠬᠡᠯᠬᠢᠶ᠎ᠡ ᠶᠢ ᠳᠡᠭᠡᠳᠦ ᠳᠡᠰ ᠲᠡᠶᠢᠰᠢ ᠥᠷᠭᠡᠳᠬᠡᠨ᠎ᠡ᠃ ᠭᠤᠷᠪᠠ ᠳᠤ᠂ ᠮᠠᠨ ᠤ ᠣᠷᠣᠨ ᠤ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡᠨ︾ ᠤ ᠰᠢᠨ᠎ᠡ ᠵᠠᠭᠪᠤᠷ ᠢ ᠬᠦᠴᠦᠯᠡᠨ ᠪᠣᠶᠢᠵᠢᠭᠤᠯᠵᠤ᠂ ᠦᠢᠯᠡᠴᠢᠯᠡᠭᠡᠨ ᠤ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠳᠡᠭᠡᠳᠦ ᠰᠢᠨ᠎ᠡ ᠮᠡᠷᠭᠡᠵᠢᠯ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠦᠯᠦᠭᠵᠢᠯ ᠤᠨ ᠲᠣᠭᠤᠷᠢᠨ ᠳᠤ᠂ ᠲᠣᠭᠠᠴᠢᠯᠠᠭᠰᠠᠨ ᠭᠡᠯᠪᠡᠷᠢ ᠶᠢ ᠬᠤᠪᠢᠷᠠᠭᠤᠯᠬᠤ᠂ ᠬᠠᠩᠭᠠᠯᠭ᠎ᠠ ᠶᠢᠨ ᠬᠡᠯᠬᠢᠶ᠎ᠡ ᠶᠢ ᠨᠡᠶᠢᠳᠬᠡᠬᠦ᠂ ᠪᠣᠬᠢᠷᠳᠤᠯ ᠦᠭᠡᠢ ᠪᠠᠷᠠᠭᠠᠨ ᠤ ᠭᠦᠢᠯᠭᠡᠭᠡᠨ᠂ ᠥᠨᠳᠥᠷ ᠦᠷ᠎ᠡ ᠪᠦᠲᠦᠮᠵᠢᠲᠡᠶ ᠳᠥᠭᠦᠮ ᠳᠥᠲᠡ ᠪᠠᠶᠢᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠤ ᠪᠠᠷᠠᠭᠠᠨ ᠤ ᠲᠡᠭᠡᠭᠡᠪᠦᠷᠢ ᠶᠢᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠪᠠᠶᠢᠭᠤᠯᠤᠨ᠎ᠠ ᠭᠡᠵᠦ ᠲᠠᠨᠢᠯᠴᠠᠭᠤᠯᠪᠠ᠃      ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠪᠣᠯ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠪᠣᠯᠣᠨ᠎ᠠ᠂ ᠮᠥᠨ ᠴᠦ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠣᠨ᠎ᠠ᠃ ᠣᠶᠢᠷ᠎ᠠ ᠶᠢᠨ ᠵᠢᠯ ᠠᠴᠠ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢᠨ ᠰᠢᠨ᠎ᠡ ᠬᠠᠯᠠᠭᠤᠷᠠᠯ ᠵᠠᠯᠭᠠᠭ᠎ᠠ ᠪᠠᠷ ᠭᠠᠷᠴᠤ ᠪᠤᠢ᠃ ᠴᠢᠨ ᠶᠠᠨ᠄︽ᠥᠪᠥᠷ ᠮᠣᠩᠭᠤᠯ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠵᠡᠷᠭᠡ︿ᠳᠥᠷᠪᠡᠨ ᠭᠠᠵᠠᠷ﹀ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠡᠭᠡᠵᠢᠩ ᠥᠪᠥᠷ ᠮᠣᠩᠭᠤᠯ᠂ 331 ᠤᠯᠤᠰ ᠤᠨ ᠵᠠᠮ ᠤᠨ ᠬᠠᠲᠤᠨ ᠭᠤᠣᠯ ᠤᠨ ︿ᠶᠡᠭᠡ ᠲᠣᠬᠤᠢ ᠣᠷᠣᠨ﹀ ᠵᠡᠷᠭᠡ ᠥᠪᠡᠷ ᠢᠶᠠᠨ ᠮᠠᠰᠢᠨ ᠪᠠᠷᠢᠵᠤ ᠵᠢᠭᠤᠯᠴᠢᠯᠠᠬᠤ ᠰᠣᠳᠣᠨ ᠵᠠᠮ ᠱᠤᠭᠤᠮ ᠢ ᠪᠤᠶ ᠪᠤᠯᠭᠠᠵᠤ᠂ ᠭᠦᠭᠡᠬᠤᠲᠠ ᠪᠤᠭᠤᠲᠤ ᠣᠷᠳᠣᠰ ᠤᠯᠠᠭᠠᠨᠴᠠᠪ ᠳᠥᠷᠪᠡᠨ ᠬᠤᠲᠠ ᠶᠢᠨ ᠰᠡᠯᠡᠭᠦᠴᠡᠨ ᠬᠡᠭᠡᠷ᠎ᠡ ᠪᠠᠭᠤᠳᠠᠯᠯᠠᠬᠤ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠬᠤ ᠶᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠨᠢᠭᠡ ᠴᠣᠭᠴᠠᠵᠢᠭᠤᠯᠤᠭᠰᠠᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠲᠣᠭᠤᠷᠢᠯ ᠵᠠᠮ ᠢ ᠪᠦᠲᠦᠭᠡᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠴᠢᠩᠭᠠᠳᠬᠠᠨ᠂ ᠬᠢᠩᠭᠠᠨ ᠠᠶᠢᠮᠠᠭ ᠤᠨ ᠷᠠᠰᠢᠶᠠᠨ ᠬᠤᠲᠠ ᠶᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠤᠷᠢᠳ ᠢᠶᠠᠷ ᠠᠬᠢᠭᠤᠯᠵᠤ᠂︿ᠷᠠᠰᠢᠶᠠᠨ ᠳᠥᠷᠪᠡᠨ ᠤᠯᠠᠷᠢᠯ ᠳᠤ ᠴᠥᠮ ᠮᠠᠰᠢ ᠭᠤᠶᠣ﹀ ᠪᠠᠶᠢᠬᠤ ᠶᠢ ᠪᠦᠭᠦ ᠤᠯᠤᠰ ᠲᠤ ᠠᠯᠳᠠᠷᠰᠢᠭᠤᠯᠵᠤ᠂ ᠤᠯᠤᠰ ᠤᠨ ᠲᠠᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠲᠥᠷᠥᠯ ᠲᠡᠮᠳᠡᠭ ᠢ ᠴᠢᠷᠮᠠᠶᠢᠨ ᠡᠭᠦᠳᠴᠦ᠂ ᠬᠢᠩᠭᠠᠨ ᠠᠶᠢᠮᠠᠭ ᠤᠨ ᠳᠤᠮᠳᠠᠳᠤ ᠤᠯᠤᠰ ᠤᠨ ᠵᠤᠰᠠᠯᠠᠩ ᠤᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠨᠥᠯᠥᠭᠡᠯᠡᠬᠦ ᠬᠦᠴᠦᠨ ᠢ ᠭᠤᠣᠯᠳᠠᠯᠭ᠎ᠠ ᠲᠠᠢ ᠪᠣᠶᠢᠵᠢᠭᠤᠯᠤᠨ ᠳᠡᠭᠡᠭᠰᠢᠯᠡᠭᠦᠯᠵᠦ᠂ ᠬᠥᠯᠥᠨ ᠪᠤᠶᠢᠷ ᠬᠤᠲᠠ᠂ ᠤᠯᠠᠭᠠᠨᠴᠠᠪ ᠬᠤᠲᠠ ᠵᠡᠷᠭᠡ ᠶᠢᠨ ᠵᠤᠰᠠᠯᠠᠩ ᠤᠨ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠡᠭᠦᠳᠬᠦ ᠶᠢ ᠳᠡᠮᠵᠢᠨ᠎ᠡ᠃ ᠳᠡᠭᠡᠳᠦ ᠲᠠᠰ ᠤᠨ ᠵᠢᠭᠤᠯᠴᠢᠯᠠᠯ ᠤᠨ ᠲᠥᠷᠥᠯ ᠲᠡᠮᠳᠡᠭ ᠢ ᠪᠣᠶᠢᠵᠢᠭᠤᠯᠵᠤ᠂ ᠥᠪᠥᠷ ᠮᠣᠩᠭᠤᠯ ᠤᠨ 5A ᠪᠠ ᠳᠡᠯᠡᠬᠡᠢ ᠶᠢᠨ ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠠᠶᠢᠭᠤᠯᠬᠤ ᠶᠢ ᠳᠡᠮᠵᠢᠵᠦ᠂ ᠥᠪᠥᠷ ᠮᠣᠩᠭᠤᠯ ᠤᠨ ᠬᠥᠯᠥᠨ ᠪᠤᠶᠢᠷ ᠤᠨ ᠲᠠᠯ᠎ᠠ ᠨᠤᠲᠤᠭ - ᠮᠡᠷᠭᠡᠯ ᠭᠤᠣᠯ᠂ ᠳᠠᠭᠤᠲᠤ ᠨᠠᠭᠤᠷ ᠤᠨ ᠵᠢᠭᠤᠯᠴᠢᠯᠠᠯ ᠤᠨ ᠣᠷᠣᠨ᠂ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠢᠭᠤᠯᠴᠢᠯᠠᠯ ᠤᠨ ᠣᠷᠣᠨ ᠵᠡᠷᠭᠡ ᠦᠵᠡᠮᠵᠢ ᠶᠢᠨ ᠣᠷᠣᠨ ᠤ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ︾ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号