ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2024/1/10
   ᠨᠢᠭᠡ᠂ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ    ᠨᠢᠭᠡᠳᠦᠭᠡᠷ ᠵᠦᠢᠯ  ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠦᠴᠦᠸᠠᠨ ᠰᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃    ᠬᠤᠶᠠᠳᠤᠭᠠᠷ ᠵᠦᠢᠯ  ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠵᠢᠩᠬᠢᠨᠢ ᠰᠠᠯᠠᠭᠠᠨ ᠤ ᠳᠡᠰ ᠤᠨ ᠰᠠᠯᠠᠭ᠎ᠠ ᠮᠥᠴᠢᠷ ᠮᠦᠨ᠃    ᠭᠤᠷᠪᠠᠳᠤᠭᠠᠷ ᠵᠦᠢᠯ  ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃    ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠲᠤᠬᠠᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠬᠡᠷᠡᠭᠵᠢᠭᠦᠯᠦᠨ᠎ᠡ︔ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ᠂ ᠠᠵᠢᠯ ᠲᠥᠷᠥᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠤᠳᠤᠯᠤᠨ ᠲᠣᠭᠲᠠᠭᠠᠨ᠎ᠠ᠃    ︵ᠬᠤᠶᠠᠷ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠬᠥᠳᠡᠯᠦᠩᠭᠦᠢ ᠲᠣᠬᠢᠷᠠᠭᠤᠯᠤᠯᠲᠠ ᠬᠢᠬᠦ ᠪᠠ ᠣᠷᠣᠨ ᠪᠦᠰᠡ ᠶᠢᠨ ᠲᠣᠬᠢᠷᠠᠭᠤᠯᠤᠯᠲᠠ ᠶᠢ ᠲᠡᠩᠴᠡᠭᠦᠷᠢᠲᠡᠢ ᠪᠠᠶᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠨ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠳᠤ ᠵᠣᠬᠢᠴᠠᠯᠳᠤᠭᠰᠠᠨ ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠬᠠᠮᠠᠭᠠᠯᠠᠨ᠎ᠠ︔ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠲᠥᠰᠥᠯ ᠢ ᠵᠣᠬᠢᠶᠠᠨ ᠪᠠᠶᠢᠭᠤᠯᠵᠤ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ᠃    ︵ᠳᠥᠷᠪᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠵᠥᠪᠰᠢᠶᠡᠷᠡᠨ ᠣᠷᠣᠭᠤᠯᠬᠤ ᠬᠡᠯᠡᠯᠴᠡᠭᠡᠷ ᠤᠨ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃    ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠪᠠ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠢᠶᠠᠷ ᠭᠤᠣᠯᠯᠠᠭᠤᠯᠤᠭᠰᠠᠨ ᠨᠡᠶᠢᠭᠡᠮ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠬᠡᠮᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ᠎ᠠ᠃    ︵ᠵᠢᠷᠭᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃    ︵ᠳᠤᠯᠤᠭ᠎ᠠ︶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮᠵᠢ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠡᠪᠴᠢᠶᠡᠨ ᠳᠣᠲᠣᠷᠠᠬᠢ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠲᠠᠯᠪᠢᠵᠤ ᠬᠠᠮᠢᠶᠠᠷᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃    ︵ᠨᠠᠢᠮᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠬᠤᠲᠠ ᠪᠠᠯᠭᠠᠰᠤ ᠶᠢᠨ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠨᠳᠣᠣ ᠭᠠᠵᠠᠷ ᠲᠤ ᠡᠮᠨᠡᠭᠦᠯᠬᠦ ᠬᠠᠮᠢᠶᠠᠷᠤᠯᠲᠠ ᠪᠠ ᠵᠠᠷᠤᠳᠠᠯ ᠢ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃    ︵ᠶᠢᠰᠦ︶ ᠲᠣᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ︔ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠶᠤᠯᠭᠦᠢ ᠦᠢᠯᠡᠳᠪᠦᠷᠢᠯᠡᠯ᠂ ᠠᠵᠢᠯ ᠮᠡᠷᠭᠡᠵᠢᠯ ᠤᠨ ᠡᠷᠡᠭᠦᠯ ᠮᠡᠨᠳᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠ︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠠ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃    ︵ᠠᠷᠪᠠᠨ ᠨᠢᠭᠡ︶ ᠡᠭᠦᠷᠭᠡ ᠴᠢᠳᠠᠪᠤᠷᠢ ᠶᠢᠨ ᠬᠤᠪᠢᠷᠠᠯᠲᠠ᠃ ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠢᠭᠡᠳᠦᠯᠲᠡᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠬᠡᠷᠡᠭᠵᠢᠭᠦᠯᠵᠦ᠂ ᠪᠥᠬᠦ ᠠᠷᠠᠳ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠡᠯᠡ ᠮᠥᠩᠭᠦ ᠶᠢ ᠵᠦᠢ ᠵᠣᠬᠢᠰᠲᠠᠢ ᠬᠡᠷᠡᠭᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ᠂ ︽ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠤᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠵᠤ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠪᠠᠲᠤᠯᠠᠵᠤ᠂ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃    ︵ᠠᠷᠪᠠᠨ ᠬᠤᠶᠠᠷ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠳᠥᠷᠪᠡᠳᠦᠭᠡᠷ ᠵᠦᠢᠯ  ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄    ︵ᠨᠢᠭᠡ︶ ᠠᠯᠪᠠᠨ ᠭᠡᠷ᠃ ᠪᠠᠶᠢᠭᠤᠯᠭ᠎ᠠ ᠪᠣᠯᠣᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠪᠣᠯᠣᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠡᠩᠨᠡᠭᠡᠨ ᠤ ᠪᠠᠶᠢᠭᠤᠯᠤᠯᠲᠠ ᠶᠢ ᠡᠭᠦᠷᠭᠡᠯᠡᠨ᠎ᠡ︔ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠠᠮᠲᠤᠷᠠᠯᠴᠠᠨ ᠰᠣᠯᠢᠯᠴᠠᠬᠤ ᠵᠡᠷᠭᠡ ᠠᠵᠢᠯ ᠢ ᠡᠭᠦᠷᠭᠡᠯᠡᠨ᠎ᠡ︔ ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠣᠷᠣᠨ ᠨᠤᠲᠤᠭ ᠤᠨ ᠴᠢᠨᠠᠷᠲᠠᠢ ᠳᠦᠷᠢᠮ ᠲᠣᠭᠲᠠᠭᠠᠯ ᠤᠨ ᠲᠥᠰᠥᠯ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠤᠭᠤᠷᠪᠢᠨ᠎ᠠ︔ ᠲᠤᠰ ᠨᠢᠭᠡᠴᠢ ᠶᠢᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃    ︵ᠬᠤᠶᠠᠷ︶ ᠲᠤᠬᠠᠶᠢᠯᠠᠭᠰᠠᠨ ᠠᠵᠢᠯ ᠤᠨ ᠲᠠᠰᠤᠭ᠃ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠳᠦᠷᠢᠮ ᠢ ᠬᠡᠷᠡᠭᠵᠢᠭᠦᠯᠦᠨ᠎ᠡ︔ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠢ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠪᠠ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠪᠡᠯᠡᠳᠬᠡᠮᠵᠢ ᠶᠢᠨ ᠰᠦᠢᠳᠬᠡᠯ ᠬᠤᠷᠢᠶᠠᠬᠤ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠭᠡ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢ ᠲᠣᠭᠲᠠᠭᠠᠨ᠎ᠠ︔ ᠣᠨᠳᠣᠣ ᠭᠠᠵᠠᠷ ᠲᠤ ᠡᠮᠨᠡᠭᠦᠯᠬᠦ ᠬᠠᠮᠢᠶᠠᠷᠤᠯᠲᠠ ᠶᠢᠨ ᠠᠷᠭ᠎ᠠ ᠪᠠ ᠳ᠋ᠦᠩᠨᠡᠨ ᠪᠤᠳᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠠᠬᠢᠭᠤᠯᠤᠨ᠎ᠠ︔ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠮᠡᠷᠭᠡᠵᠢᠯ ᠤᠨ ᠠᠵᠤ ᠠᠬᠤᠢ ᠶᠢᠨ ᠴᠢᠨᠠᠷᠲᠠᠢ ᠦᠨᠡᠯᠡᠯᠲᠡ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔ ᠪᠠᠶᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠬᠢᠨᠠᠨ ᠬᠠᠮᠢᠶᠠᠷᠴᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ︔ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠪᠠ ᠮᠡᠳᠡᠭᠡ ᠵᠠᠩᠭᠢ ᠶᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃    ᠲᠠᠪᠤᠳᠤᠭᠠᠷ ᠵᠦᠢᠯ  ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ ᠨᠢ 5 ᠬᠥᠮᠥᠨ ᠪᠣᠯᠣᠨ᠎ᠠ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ ᠳᠠᠷᠤᠭ᠎ᠠ 2 ᠨᠡᠷ᠎ᠡ ᠲᠣᠬᠢᠷᠠᠭᠤᠯᠪᠠ᠃    ᠵᠢᠷᠭᠤᠳᠤᠭᠠᠷ ᠵᠦᠢᠯ  ᠦᠴᠦᠸᠠᠨ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠣᠭᠠᠨ ᠤ ᠵᠦᠢᠯᠡᠰ ᠢ ᠠᠰ  ᠲᠤᠨᠢ ᠲᠣᠭᠲᠠᠭᠠᠨ᠎ᠠ᠃    ᠳᠣᠯᠣᠳᠤᠭᠠᠷ ᠵᠦᠢᠯ  ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠢ ᠰᠢᠶᠠᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ ᠠᠴᠠ ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃    ᠨᠠᠢᠮᠠᠳᠤᠭᠠᠷ ᠵᠦᠢᠯ  ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 27 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠬᠤᠶᠠᠷ᠂ ᠠᠵᠢᠯᠯᠠᠬᠤ ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠶᠢᠩ ᠪᠢᠨ ᠵᠠᠮ    ᠭᠤᠷᠪᠠ᠂ ᠠᠵᠢᠯᠯᠠᠬᠤ ᠴᠠᠭ᠄ ᠠᠵᠢᠯᠯᠠᠬᠤ ᠡᠳᠦᠷ ᠤᠨ 8᠄ 30-12᠄ 0014᠄ 30-17᠄ 30    ᠳᠥᠷᠪᠡ᠂ ᠬᠠᠷᠢᠯᠴᠠᠬᠤ ᠤᠲᠠᠰᠤ᠄ 0471 - 8814481    ᠲᠠᠪᠤ᠂ ᠬᠠᠷᠢᠭᠤᠴᠠᠯᠭᠠᠲᠠᠨ᠄ ᠵᠠᠩ ᠢᠦᠢ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号