ᠣᠯᠠᠨ ᠡᠰᠢᠴᠢᠯᠡᠨ ᠬᠥᠭᠵᠢᠵᠦ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/1/11
     - ᠥᠪᠡᠷᠲᠡᠭᠡᠨ ᠵᠠᠰᠠᠬᠤ ᠣᠷᠣᠨ ᠤ  ᠨᠠᠮ ᠤᠨ ᠬᠤᠷᠢᠶ᠎ᠠ ᠶᠢᠨ  ᠠᠷᠪᠠᠨ ᠨᠢᠭᠡᠳᠦᠭᠡᠷ  ᠬᠤᠭᠤᠴᠠᠭᠠᠨ ᠤ   ᠳᠣᠯᠣᠳᠤᠭᠠᠷ  ᠪᠦᠭᠦᠳᠡ  ᠬᠤᠷᠠᠯ  ᠵᠢᠴᠢ   ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠰᠣᠷᠪᠤᠯᠵᠢᠯᠠᠭ᠎ᠠ ⑨        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ᠂ 2024 ᠣᠨ ᠤ ᠠᠵᠤ ᠠᠬᠤᠢ ᠶᠢᠨ ᠠᠵᠢᠯ ᠳᠤ ᠲᠤᠯᠤᠭᠠᠨ ᠲᠠᠯ᠎ᠠ ᠶᠢᠨ ᠡᠭᠦᠷᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠂ ᠡᠭᠦᠨ ᠤ ᠳᠣᠲᠣᠷᠠᠬᠢ ᠨᠢᠭᠡ ᠨᠢ ᠠᠵᠤ ᠦᠢᠯᠡᠰ ᠤᠨ ᠲᠠᠰ ᠳᠡᠪᠰᠢᠬᠦ ᠶᠢ ᠪᠦᠭᠦ ᠬᠦᠴᠦᠨ ᠢᠶᠠᠷ ᠢᠶᠠᠨ ᠠᠳᠬᠤᠵᠤ᠂ ᠮᠠᠯ ᠠᠵᠤ ᠠᠬᠤᠢ ᠲᠠᠷᠢᠶᠠᠯᠠᠩ ᠢ ᠬᠡᠪᠴᠢᠶᠡᠵᠢᠭᠦᠯᠦᠨ ᠠᠵᠤ ᠦᠢᠯᠡᠰᠵᠢᠭᠦᠯᠵᠦ ᠲᠦᠷᠦᠯ ᠲᠡᠮᠳᠡᠭᠵᠢᠭᠦᠯᠦᠨ ᠬᠥᠭᠵᠢᠭᠦᠯᠵᠦ᠂ ᠤᠯᠠᠮᠵᠢᠯᠠᠯᠲᠤ ᠡᠨᠧᠷᠭᠢ ᠶᠢᠨ ᠲᠣᠭᠲᠠᠪᠤᠷᠢᠲᠠᠢ ᠬᠠᠩᠭᠠᠯᠭ᠎ᠠ ᠶᠢ ᠪᠠᠲᠤᠯᠠᠬᠤ ᠮᠥᠷᠲᠡᠭᠡᠨ ᠨᠠᠩ ᠴᠤ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠵᠦ᠂ ᠡᠨᠧᠷᠭᠢ ᠶᠢᠨ ᠳᠠᠭᠠᠭᠠᠴᠠ ᠶᠡᠬᠡᠲᠡᠢ ᠠᠵᠤ ᠦᠢᠯᠡᠰ ᠤᠨ ᠪᠣᠬᠢᠷᠳᠤᠯ ᠦᠭᠡᠢ ᠴᠠᠭᠢᠯᠭᠠᠨ ᠬᠠᠩᠭᠠᠬᠤ ᠪᠠ ᠲᠣᠭᠠᠴᠢᠯᠠᠭᠰᠠᠨ ᠭᠡᠯᠪᠡᠷᠢ ᠲᠡᠶᠢᠰᠢ ᠬᠤᠪᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠳᠤ ᠨᠡᠭᠡᠭᠡᠨ ᠬᠥᠭᠵᠢᠭᠦᠯᠬᠦ᠂ ᠦᠢᠯᠡᠳᠬᠦ᠂ ᠴᠠᠭᠢᠯᠭᠠᠨ ᠲᠣᠣᠷ᠂ ᠰᠢᠩᠭᠡᠬᠡᠨ ᠠᠪᠬᠤ ᠶᠢ ᠬᠠᠮᠲᠤ ᠳᠤᠨᠢ ᠠᠳᠬᠤᠬᠤ ᠶᠠᠪᠤᠳᠠᠯ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠵᠦ᠂ ᠤᠯᠠᠨ ᠡᠰᠢᠴᠢᠯᠡᠨ ᠬᠥᠭᠵᠢᠵᠦ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠤᠬᠠᠢ  ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠸᠠᠩ ᠶᠢᠨ ᠪᠦᠦ᠂ ᠭᠤᠷᠪᠠᠨ ᠬᠠᠪᠴᠢᠯ ᠤᠨ ᠡᠨᠧᠷᠭᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠯᠦᠩ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠸ᠎ᠠ ᠠᠵᠤ ᠠᠬᠤᠢ ᠶᠢᠨ ᠰᠤᠳᠤᠯᠭᠠᠨ ᠤ ᠲᠥᠪ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠠᠵᠠᠷ ᠤᠨ ᠳᠠᠷᠤᠭ᠎ᠠ ᠳ᠋ᠦ᠋ ᠶᠦᠩ ᠹᠧᠩ ᠢ ᠰᠤᠷᠪᠤᠯᠵᠢᠯᠠᠪᠠ᠃      ︽ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠵᠦ᠂ ᠣᠯᠠᠨ ᠡᠰᠢᠴᠢᠯᠡᠨ ᠬᠥᠭᠵᠢᠵᠦ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ᠂ ᠪᠦᠭᠦ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ  ᠬᠢᠨ ᠭᠤᠷᠪᠠᠨ ᠲᠠᠯ᠎ᠠ ᠪᠠᠷ ᠬᠦᠴᠦᠯᠡᠬᠦ ᠪᠣᠯᠣᠨ᠎ᠠ︾᠃ ᠨᠢᠭᠡ ᠳᠤ ᠠᠵᠤ ᠦᠢᠯᠡᠳᠪᠦᠷᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠤᠷᠤᠭᠰᠢᠯᠠᠨ ᠳᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠲᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠦᠢᠯᠡᠳᠪᠦᠷᠢ ᠶᠢᠨ ᠠᠵᠢᠯᠯᠠᠭᠠᠨ ᠪᠠ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠵᠤ᠂ ᠨᠡᠮᠡᠭᠳᠡᠯ ᠤᠨ ᠬᠡᠮᠵᠢᠶ᠎ᠡ ᠪᠠᠷ ᠬᠠᠳᠠᠭᠠᠯᠠᠯᠲᠠ ᠶᠢᠨ ᠬᠡᠮᠵᠢᠶ᠎ᠡ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠵᠦ᠂ ᠶᠡᠷᠦᠩᠬᠡᠢ ᠬᠡᠮᠵᠢᠶ᠎ᠡ ᠶᠢ ᠥᠷᠭᠡᠳᠬᠡᠵᠦ᠂ ᠠᠵᠤ ᠦᠢᠯᠡᠳᠪᠦᠷᠢ ᠶᠢᠨ ᠦᠨᠳᠦᠰᠦᠨ ᠵᠦᠢᠯ ᠢ ᠲᠣᠭᠲᠠᠪᠤᠷᠢᠵᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠬᠤᠶᠠᠷ ᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠪᠠ ᠰᠢᠨ᠎ᠡ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ︽1+7︾  ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠣᠭᠲᠠᠭᠠᠨ ᠬᠡᠷᠡᠭᠵᠢᠭᠦᠯᠵᠦ᠂ ᠠᠵᠤ ᠦᠢᠯᠡᠰ ᠤᠨ ᠳᠡᠭᠡᠳᠦ ᠲᠡᠰᠵᠢᠯᠲᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠲᠡ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ᠭᠤᠷᠪᠠ ᠳᠤ ᠰᠠᠶᠢᠨ ᠰᠠᠶᠢᠬᠠᠨ ᠠᠵᠤ ᠦᠢᠯᠡᠰ ᠤᠨ ᠠᠮᠢ ᠠᠬᠤᠢ ᠶᠢ ᠪᠤᠢ ᠪᠤᠯᠭᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ ᠬᠡᠷᠡᠭᠲᠡᠢ᠃ ᠥᠨᠳᠥᠷ ᠲᠦᠪᠰᠢᠨ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠠᠵᠤ ᠠᠬᠤᠶᠢᠯᠠᠯ ᠢ ᠲᠠᠲᠠᠨ ᠬᠦᠷᠢᠶᠡᠯᠡᠩ ᠳᠤ ᠣᠷᠣᠭᠤᠯᠬᠤ᠂ ᠠᠵᠤ ᠠᠬᠤᠶᠢᠯᠠᠯ ᠢ ᠲᠡᠳᠬᠦᠵᠦ ᠬᠦᠷᠢᠶᠡᠯᠡᠩ ᠢ ᠬᠦᠴᠦᠷᠬᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠪᠠ ᠴᠢᠨᠠᠷ ᠰᠠᠶᠢᠲᠠᠢ ᠡᠬᠢ ᠪᠠᠶᠠᠯᠢᠭ ᠤᠨ ᠡᠯᠧᠮᠧᠨ᠋ᠲ ᠤᠨ ᠴᠤᠭᠯᠠᠷᠠᠯ ᠢ ᠥᠷᠭᠡᠨ ᠢᠶᠠᠷ ᠲᠠᠲᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢᠨ ᠬᠥᠳᠡᠯᠭᠡᠭᠴᠢ ᠡᠨᠧᠷᠭᠢ ᠶᠢ ᠴᠢᠩᠭᠠᠷᠠᠭᠤᠯᠤᠨ᠎ᠠ ᠭᠡᠵᠦ ᠸᠠᠩ ᠶᠢᠨ ᠪᠦᠦ ᠬᠡᠯᠡᠪᠡ᠃      ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠪᠣᠬᠢᠷᠳᠤᠯ ᠦᠭᠡᠢ ᠡᠨᠧᠷᠭᠢ ᠶᠢ ᠶᠡᠭᠡ ᠪᠠᠷ ᠬᠥᠭᠵᠢᠭᠦᠯᠦᠨ᠂ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠤᠯ ᠤᠨ ᠬᠥᠭᠵᠢᠯᠲᠡ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠃ ᠥᠪᠥᠷ ᠮᠣᠩᠭᠤᠯ ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ ᠶᠢ ᠪᠠᠷᠢᠮᠲᠠᠯᠠᠵᠤ᠂ ︽ᠬᠤᠶᠠᠷ ᠢ ᠤᠷᠢᠳ ᠢᠶᠠᠷ︾᠂  ︽ᠬᠤᠶᠠᠷ ᠢ ᠳᠠᠪᠠᠭᠤᠯᠬᠤ︾ᠬᠠᠷᠠᠯᠲᠠ ᠶᠢ ᠲᠣᠭᠲᠠᠭᠠᠵᠤ᠂ ᠲᠣᠮᠣ ᠭᠡᠯᠪᠡᠷᠢ ᠶᠢᠨ ᠰᠠᠯᠬᠢ ᠭᠡᠷᠡᠯ ᠤᠨ ᠴᠠᠭᠢᠯᠭᠠᠨ ᠤ ᠰᠠᠭᠤᠷᠢᠨ ᠪᠣᠯᠣᠨ ᠡᠨᠧᠷᠭᠢ ᠲᠣᠣᠷ ᠳᠠᠭᠠᠭᠠᠴᠠ ᠨᠥᠭᠡᠴᠡ᠂ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠡᠷᠭᠡ ᠲᠠᠯᠠᠪᠤᠷ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠯᠬᠢ ᠭᠡᠷᠡᠯ ᠢᠶᠠᠷ ᠤᠰᠤᠲᠥ᠋ᠷᠥᠭᠴᠢ ᠨᠥᠭᠡᠴᠡᠯᠡᠬᠦ ᠠᠵᠤ ᠦᠢᠯᠡᠰ ᠤᠨ ᠪᠦᠯᠦᠭᠵᠢᠯ ᠪᠣᠯᠣᠨ ᠭᠦᠭᠡᠬᠤᠲᠠ ᠪᠤᠭᠤᠲᠤ ᠣᠷᠳᠣᠰ ᠲᠤ ᠨᠡᠪᠲᠡᠷᠡᠬᠦ ᠲᠤᠨᠤᠭ ᠲᠥᠬᠦᠭᠡᠷᠦᠮᠵᠢ ᠦᠢᠯᠡᠳᠬᠦ ᠰᠠᠭᠤᠷᠢᠨ ᠢ ᠲᠥᠪᠯᠡᠷᠡᠭᠦᠯᠦᠨ ᠪᠠᠶᠢᠭᠤᠯᠵᠤ᠂ ᠰᠢᠨ᠎ᠡ ᠡᠨᠧᠷᠭᠢ ᠶᠢᠨ ᠬᠦᠷᠢᠶᠡᠨ ᠳᠤ ᠪᠠᠰᠠ ᠨᠢᠭᠡᠨ︽ᠠᠵᠤ ᠦᠢᠯᠡᠳᠪᠦᠷᠢ ᠶᠢᠨ ᠥᠪᠥᠷ ᠮᠣᠩᠭᠤᠯ︾ ᠢ ᠪᠠᠶᠢᠭᠤᠯᠬᠤ ᠪᠠᠷ ᠴᠢᠷᠮᠠᠶᠢᠨ᠎ᠠ᠃      ᠲᠦᠷᠦᠭᠦᠬᠡᠨ᠂ ᠤᠯᠤᠰ ᠤᠨ ᠠᠩᠬᠠᠳᠠᠭᠴᠢ ᠪᠦᠯᠦᠭ ᠮᠢᠩᠭᠠᠨ ᠲᠦᠮᠡᠨ ᠺᠢᠯᠣᠸᠠᠲ ᠤᠨ ᠲᠠᠰ ᠤᠨ ᠲᠣᠮᠣ ᠭᠡᠯᠪᠡᠷᠢ ᠶᠢᠨ ᠰᠠᠯᠬᠢ ᠭᠡᠷᠡᠯ ᠤᠨ ᠰᠠᠭᠤᠷᠢᠨ ᠤ ᠲᠥᠷᠥᠯ ᠵᠦᠢᠯ - ᠬᠥᠪᠴᠢ ᠶᠢᠨ ᠡᠯᠡᠰᠦᠨ ᠤ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠤ ᠲᠥᠷᠥᠯ ᠵᠦᠢᠯ ᠤᠨ ᠬᠤᠰᠢᠭᠤᠴᠢ ᠢᠨᠵᠧᠨᠧᠷᠢᠩ ᠤᠨ ᠭᠡᠷᠡᠯᠴᠢ ᠴᠡᠨᠡᠭ ᠤᠨ ᠲᠥᠷᠥᠯ ᠵᠦᠢᠯ ᠢ ᠲᠠᠯᠠᠳ ᠬᠤᠰᠢᠭᠤᠨ ᠳᠤ ᠪᠦᠭᠦ ᠪᠠᠭᠲᠠᠭᠠᠮᠵᠢ ᠪᠠᠷ ᠲᠣᠣᠷ ᠲᠤ ᠨᠡᠶᠢᠯᠡᠭᠦᠯᠦᠨ ᠴᠠᠭᠢᠯᠭᠠᠨ ᠭᠠᠷᠭᠠᠭᠰᠠᠨ ᠨᠢ ᠬᠥᠪᠴᠢ ᠶᠢᠨ ᠡᠯᠡᠰᠦᠨ ᠤ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ︽ᠥᠪᠥᠷ ᠮᠣᠩᠭᠤᠯ ᠤᠨ ᠵᠥᠪᠰᠢᠶᠡᠷᠡᠯ ᠣᠯᠣᠭᠰᠠᠨ 4︿ᠡᠯᠡᠰᠦ ᠭᠤᠪᠢ ᠴᠦᠯᠯᠡᠷᠭᠡᠭ﹀ᠭᠠᠵᠠᠷ ᠤᠨ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠬᠥᠪᠴᠢ ᠶᠢᠨ ᠡᠯᠡᠰᠦᠨ ᠤ ᠣᠷᠳᠣᠰ ᠤᠨ ᠳᠤᠮᠳᠠ ᠬᠤᠶᠢᠲᠤ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠤ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 800 ᠳ᠋ᠦᠩᠰᠢᠭᠤᠷ ᠲᠥᠭᠦᠷᠢᠭ ᠢ ᠳᠠᠪᠠᠵᠤ᠂ ᠲᠥᠷᠥᠯ ᠵᠦᠢᠯ ᠢ ᠪᠦᠭᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠣᠷᠣᠨ ᠳᠤ ᠪᠠᠷᠤᠭ 400 ᠳ᠋ᠦᠩᠰᠢᠭᠤᠷ ᠭᠷᠡᠳᠦ᠋ᠰ ᠴᠠᠭᠢᠯᠭᠠᠨ ᠬᠦᠷᠭᠡᠵᠦ ᠲᠠᠶᠢᠯᠦᠨ᠎ᠠ᠂ ᠡᠭᠦᠨ ᠳᠤ ᠴᠡᠪᠡᠷ ᠡᠨᠧᠷᠭᠢ ᠶᠢᠨ ᠡᠵᠡᠯᠡᠬᠦ ᠬᠠᠷᠢᠴᠠᠯ ᠨᠢ 50% ᠠᠴᠠ ᠳᠡᠭᠡᠭᠰᠢᠬᠢ ᠶᠢ ᠡᠵᠡᠯᠡᠵᠦ᠂ ᠪᠠᠷᠢᠮᠵᠢᠶᠠᠲᠤ ᠨᠡᠭᠦᠷᠡᠰᠦ ᠶᠢ ᠪᠠᠷᠤᠭ 600 ᠲᠦᠮᠡᠨ ᠲᠣᠨ ᠠᠷᠪᠢᠯᠠᠭᠰᠠᠨ ᠲᠠᠢ ᠲᠡᠩᠴᠡᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠷᠤᠭ 1600 ᠲᠦᠮᠡᠨ ᠲᠣᠨ ᠪᠠᠭᠠᠰᠬᠠᠵᠤ᠂ ᠡᠨᠧᠷᠭᠢ ᠶᠢᠨ ᠪᠦᠲᠦᠴᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠪᠢᠳᠡ ᠬᠥᠪᠴᠢ ᠶᠢᠨ ᠲᠣᠮᠣ ᠰᠠᠭᠤᠷᠢᠨ ᠤ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠥᠪᠥᠷ ᠮᠣᠩᠭᠤᠯ ᠤᠨ ᠤᠳᠤ ᠦᠶ᠎ᠡ ᠶᠢᠨ ᠡᠨᠧᠷᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠣᠯᠣᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ︾ ᠭᠡᠵᠦ ᠵᠠᠩ ᠯᠦᠩ ᠬᠡᠯᠡᠪᠡ᠃      ︽ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢᠨ ᠵᠠᠶᠢᠯᠠᠰᠢ ᠦᠭᠡᠢ ᠶᠠᠪᠤᠬᠤ ᠵᠠᠮ ᠪᠣᠯᠣᠨ᠎ᠠ᠂ ᠮᠥᠨ ᠴᠤ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠳᠤ ᠪᠠᠶᠢᠪᠠᠰᠤ ᠵᠣᠬᠢᠬᠤ ᠠᠭᠤᠯᠭ᠎ᠠ ᠪᠣᠯᠣᠨ᠎ᠠ᠃ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠯᠠᠮᠵᠢᠯᠠᠯᠲᠤ ᠡᠨᠧᠷᠭᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠡᠶᠡᠯᠡᠭᠦᠯᠬᠦ ᠪᠣᠯ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢᠨ ᠴᠢᠬᠤᠯᠠ ᠠᠭᠤᠯᠭ᠎ᠠ ᠪᠣᠯᠣᠨ᠎ᠠ᠂ ᠪᠠᠰᠠ ᠴᠤ ︿ᠬᠤᠣᠰ ᠨᠡᠭᠦᠷᠡᠰᠦᠲᠥ᠋ᠷᠥᠭᠴᠢ﹀ ᠶᠢᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ︾᠃ ᠳ᠋ᠦ᠋ ᠶᠦᠩ ᠹᠧᠩ ᠤᠨ ᠦᠵᠡᠬᠦ ᠪᠠᠷ᠂ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ᠂ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠴᠢᠯᠠᠭᠤᠵᠢᠮᠠᠯ ᠤᠨ ᠪᠤᠰᠤ ᠡᠨᠧᠷᠭᠢ ᠶᠢᠨ ᠨᠡᠭᠡᠭᠡᠨ ᠠᠰᠢᠭᠯᠠᠯᠲᠠ ᠶᠢ ᠲᠦᠷᠭᠡᠳᠬᠡᠵᠦ᠂ ᠪᠠᠭ᠎ᠠ ᠨᠡᠭᠦᠷᠡᠰᠦᠲᠥ᠋ᠷᠥᠭᠴᠢᠲᠦ ᠡᠨᠧᠷᠭᠢ ᠪᠠᠷ ᠶᠡᠭᠡ ᠨᠡᠭᠦᠷᠡᠰᠦᠲᠥ᠋ᠷᠥᠭᠴᠢᠲᠦ ᠡᠨᠧᠷᠭᠢ ᠶᠢ ᠣᠷᠣᠯᠠᠭᠤᠯᠬᠤ ᠶᠢ ᠠᠬᠢᠭᠤᠯᠵᠤ᠂ ᠳᠠᠬᠢᠯᠲᠠ ᠡᠨᠧᠷᠭᠢ ᠪᠠᠷ ᠤᠯᠠᠮᠵᠢᠯᠠᠯᠲᠤ ᠡᠨᠧᠷᠭᠢ ᠶᠢ ᠣᠷᠣᠯᠠᠭᠤᠯᠬᠤ ᠶᠢ ᠠᠬᠢᠭᠤᠯᠬᠤ ᠬᠡᠷᠡᠭᠲᠡᠢ᠃      ᠳᠠᠬᠢᠯᠲᠠ ᠡᠨᠧᠷᠭᠢ ᠪᠠᠷ ᠤᠯᠠᠮᠵᠢᠯᠠᠯᠲᠤ ᠡᠨᠧᠷᠭᠢ ᠶᠢ ᠣᠷᠣᠯᠠᠭᠤᠯᠬᠤ ᠳᠤ ᠨᠢᠭᠡ ᠯᠡ ᠳᠡᠭᠡᠷ᠎ᠡ ᠪᠦᠲᠦᠴᠢᠬᠡᠬᠦ ᠪᠣᠯᠣᠯᠴᠠᠭ᠎ᠠ ᠦᠭᠡᠢ᠂ ᠨᠡᠩ ᠴᠤ ᠪᠣᠳᠠᠲᠤ ᠪᠠᠶᠢᠳᠠᠯ ᠠᠴᠠ ᠰᠠᠯᠵᠤ ᠪᠤᠯᠬᠤ ᠦᠭᠡᠢ᠃ ᠣᠳᠣᠬᠠᠨ ᠳᠤ᠂ ᠮᠠᠨ ᠤ ᠤᠯᠤᠰ ᠤᠨ ᠨᠡᠭᠦᠷᠡᠰᠦ ᠪᠠᠷ ᠭᠤᠣᠯ ᠪᠤᠯᠭᠠᠬᠰᠠᠨ ᠤᠯᠠᠮᠵᠢᠯᠠᠯᠲᠤ ᠡᠨᠧᠷᠭᠢ ᠨᠢ ᠡᠨᠧᠷᠭᠢ ᠶᠢᠨ ᠠᠮᠤᠷ ᠲᠦᠪᠰᠢᠨ ᠳᠤ ᠮᠥᠨ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠭᠠᠷ ᠪᠠᠶᠢᠨ᠎ᠠ᠃ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠠᠪᠤᠴᠠ ᠳᠤ᠂ ︽ᠬᠠᠩᠭᠠᠯᠭ᠎ᠠ ᠶᠢ ᠲᠣᠭᠲᠠᠪᠤᠷᠢᠲᠠᠢ ᠪᠠᠶᠢᠯᠭᠠᠬᠤ ᠮᠥᠷᠲᠡᠭᠡᠨ ᠨᠡᠩ ᠴᠤ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ︾ ᠶᠢ ᠬᠡᠷᠬᠢᠨ ᠪᠡᠶᠡᠯᠡᠭᠦᠯᠬᠦ ᠪᠤᠶ︖      ᠳ᠋ᠦ᠋ ᠶᠦᠩ ᠹᠧᠩ ᠤᠨ ᠦᠵᠡᠬᠦ ᠪᠠᠷ᠂ ᠥᠪᠥᠷ ᠮᠣᠩᠭᠤᠯ ᠡᠬᠢ ᠪᠠᠶᠠᠯᠢᠭ ᠤᠨ ᠨᠥᠭᠡᠴᠡ ᠪᠣᠯᠣᠨ ᠠᠵᠤ ᠦᠢᠯᠡᠰ ᠤᠨ ᠰᠠᠭᠤᠷᠢ ᠳᠠᠪᠠᠭᠤᠯᠢᠭ ᠲᠠᠭᠠᠨ ᠰᠠᠭᠤᠷᠢᠯᠠᠵᠤ᠂ ᠨᠡᠭᠦᠷᠡᠰᠦ ᠴᠠᠭᠢᠯᠭᠠᠨ ᠲᠣᠰᠣ ᠰᠢᠲᠠᠮᠠᠬᠠᠢ ᠬᠡᠢ ᠵᠡᠷᠭᠡ ᠤᠯᠠᠮᠵᠢᠯᠠᠯᠲᠤ ᠡᠨᠧᠷᠭᠢ ᠶᠢᠨ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠪᠠᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠷᠡᠰᠦᠨ ᠤ ᠡᠨᠧᠷᠭᠢ ᠶᠢᠨ ᠰᠢᠰᠲ᠋ᠧᠮ ᠳᠠᠬᠢ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ᠂ ᠨᠡᠭᠦᠷᠡᠰᠦ ᠴᠠᠭᠢᠯᠭᠠᠨ ᠤ ᠰᠠᠭᠤᠷᠢ ᠶᠢ ᠪᠠᠲᠤᠯᠠᠬᠤ ᠪᠠ ᠲᠣᠬᠢᠷᠠᠭᠤᠯᠤᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠨᠧᠷᠭᠢ ᠶᠢᠨ ᠠᠮᠤᠷ ᠲᠦᠪᠰᠢᠨ ᠲᠣᠭᠲᠠᠪᠤᠷᠢᠲᠠᠢ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠭᠰᠠᠨ ᠰᠠᠭᠤᠷᠢᠨ ᠳᠡᠭᠡᠷ᠎ᠡ᠂ ︽ᠬᠤᠶᠠᠷ ᠵᠠᠮ︾   ᠢᠶᠠᠷ ᠶᠠᠪᠤᠬᠤ ᠶᠢ ᠪᠠᠷᠢᠮᠲᠠᠯᠠᠵᠤ᠂ ᠰᠢᠨ᠎ᠡ ᠡᠨᠧᠷᠭᠢ ᠶᠢ ᠬᠥᠭᠵᠢᠭᠦᠯᠬᠦ ᠪᠠ ᠤᠯᠠᠮᠵᠢᠯᠠᠯᠲᠤ ᠡᠨᠧᠷᠭᠢ ᠶᠢᠨ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠵᠡᠷᠭᠡ ᠪᠠᠷ ᠠᠬᠢᠭᠤᠯᠵᠤ᠂ ᠨᠡᠭᠦᠷᠡᠰᠦ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ︽ᠭᠤᠷᠪᠠᠨ ᠥᠭᠡᠷᠡᠴᠢᠯᠡᠯᠲᠡ ᠶᠢ ᠬᠤᠯᠪᠣᠯᠳᠤᠭᠤᠯᠬᠤ᠂ ᠨᠡᠭᠦᠷᠡᠰᠦ ᠴᠠᠭᠢᠯᠭᠠᠨ ᠤ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠨᠡᠭᠦᠷᠡᠰᠦ ᠶᠢ ᠥᠨᠳᠥᠷ ᠪᠦᠲᠦᠮᠵᠢᠲᠡᠶ ᠠᠷᠢᠭᠤᠨ ᠴᠡᠪᠡᠷ ᠠᠰᠢᠭᠯᠠᠬᠤ ᠶᠢ ᠠᠬᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号