ᠮᠠᠨ ᠤ ᠣᠷᠣᠨ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡ ᠬᠠᠤᠯᠢ ᠪᠠᠷ ᠵᠠᠰᠠᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠨᠡᠶᠢᠲᠡᠯᠡᠵᠡᠢ
ᠨᠡᠶᠢᠲᠡᠯᠡᠭᠰᠡᠨ ᠴᠠᠭ᠄
2024/1/11
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠤᠯᠢ ᠪᠠᠷ ᠣᠷᠣᠨ ᠢᠶᠠᠨ ᠵᠠᠰᠠᠬᠤ ᠠᠯᠪᠠᠨ ᠭᠡᠷ᠂ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠴᠠ ᠭᠤᠣᠯᠯᠠᠨ ᠡᠷᠭᠢᠯᠡᠭᠰᠡᠨ 2023 ᠣᠨ ᠤ ᠪᠦᠭᠦ ᠣᠷᠣᠨ ᠤ ︽ᠠᠷᠪᠠᠨ ᠶᠡᠭᠡ ᠬᠠᠤᠯᠢᠵᠢᠯ ᠤᠨ ᠬᠡᠷᠡᠭ᠂ ᠠᠷᠪᠠᠨ ᠰᠢᠯᠢᠳᠡᠭ ᠬᠠᠤᠯᠢᠵᠢᠯ ᠤᠨ ᠬᠥᠮᠥᠨ᠂ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡ ᠬᠠᠤᠯᠢ ᠪᠠᠷ ᠵᠠᠰᠠᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ︾ ᠶᠢᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠪᠡ᠃ ᠡᠭᠦᠨ ᠳᠤ᠂ ᠠᠩᠬᠠᠳᠤᠭᠠᠷ ᠬᠤᠭᠤᠴᠠᠭᠠᠨ ᠤ ᠠᠷᠠᠳ ᠤᠨ ᠲᠥᠯᠥᠭᠡ ᠬᠠᠤᠯᠢ ᠪᠠᠷ ᠵᠠᠰᠠᠬᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢᠨ ᠰᠢᠯᠭᠠᠷᠠᠭᠤᠯᠤᠯᠲᠠ ᠨᠢ ᠪᠦᠭᠦ ᠤᠯᠤᠰ ᠲᠤ ᠠᠩᠬ᠎ᠠ ᠤᠳᠠᠭ᠎ᠠ ᠪᠣᠯᠣᠨ᠎ᠠ᠃      ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠶᠢ 2023 ᠣᠨ ᠤ 11 ᠰᠠᠷ᠎ᠠ ᠳᠤ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ  ᠶᠢᠨ ᠬᠠᠤᠯᠢ ᠪᠠᠷ ᠠᠶᠢᠮᠠᠭ ᠬᠤᠲᠠ ᠶᠢ ᠵᠠᠰᠠᠬᠤ ᠬᠤᠷᠢᠶ᠎ᠠ ᠶᠢᠨ ᠠᠯᠪᠠᠨ ᠭᠡᠷ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ ᠲᠠᠨᠢᠯᠴᠠᠭᠤᠯᠵᠤ᠂ ᠢᠳᠡᠪᠬᠢᠲᠡᠢ ᠣᠷᠣᠯᠴᠠᠨ᠂ ᠨᠡᠶᠢᠲᠡ 62 ᠬᠡᠷᠡᠭ᠂ 57 ᠵᠢᠱᠢᠭᠳᠡᠭᠴᠢ᠂ 79 ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠶᠢ ᠲᠠᠨᠢᠯᠴᠠᠭᠤᠯᠤᠨ ᠮᠡᠳᠡᠭᠦᠯᠪᠡ᠃ ᠠᠩᠬᠠᠨ ᠤ ᠦᠨᠡᠯᠡᠯᠲᠡ᠂ ᠰᠦᠯᠵᠢᠶ᠎ᠡ ᠪᠠᠷ ᠪᠢᠯᠧᠲ ᠥᠭᠬᠦ᠂ ᠰᠢᠯᠭᠠᠷᠠᠭᠤᠯᠬᠤ ᠺᠣᠮᠢᠰ ᠦᠨᠡᠯᠡᠨ ᠲᠣᠭᠲᠠᠭᠠᠬᠤ ᠵᠡᠷᠭᠡ ᠱᠠᠲᠤ ᠱᠠᠲᠤ ᠪᠠᠷ ᠰᠢᠯᠢᠨ ᠰᠣᠩᠭᠤᠬᠤ ᠪᠠᠷ ᠲᠠᠮᠵᠢᠨ᠂ ᠡᠴᠦᠰ ᠲᠡᠭᠡᠨ ︽ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠬᠠᠤᠯᠢᠵᠢᠯ ᠤᠨ ᠪᠠᠲᠤᠯᠠᠭ᠎ᠠ ᠬᠠᠩᠭᠠᠵᠤ ᠵᠢᠷᠭᠤᠭᠠᠨ ᠠᠬᠢᠭᠤᠯᠬᠤ ᠳᠦᠷᠢᠮ ᠢᠶᠠᠷ ︿ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ﹀ ᠶᠢ ᠪᠠᠲᠤᠯᠠᠨ᠎ᠠ︾᠂ ︽2023 ᠣᠨ ᠤ ︿ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ﹀ ᠶᠢ ᠯᠠᠪᠳᠠᠭᠤᠨ ᠪᠠᠲᠤᠲᠠᠢ ᠥᠷᠨᠢᠭᠦᠯᠵᠦ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠦᠭᠦ ᠬᠦᠴᠦᠨ ᠢᠶᠠᠷ ᠢᠶᠠᠨ ᠪᠠᠲᠤ ᠴᠣᠭᠴᠠᠯᠠᠨ᠎ᠠ︾ ᠵᠡᠷᠭᠡ 10 ᠬᠠᠤᠯᠢᠵᠢᠯ ᠤᠨ ᠬᠡᠷᠡᠭ᠂ ᠸᠠᠩ ᠶᠢᠨ ᠭᠠᠩ᠂ ᠨᠢᠦ ᠵᠠᠨ ᠯᠦᠩ᠂ ᠯᠢ ᠬᠤᠸᠠᠨ ᠵᠡᠷᠭᠡ 10 ᠬᠠᠤᠯᠢᠵᠢᠯ ᠤᠨ ᠬᠥᠮᠥᠨ᠂ ︽ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠬᠠᠤᠯᠢᠵᠢᠯ ᠤᠨ ᠬᠦᠴᠦᠨ ᠢᠶᠠᠷ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢ ᠰᠠᠶᠢᠲᠤᠷ ᠬᠢᠨ᠎ᠡ︾᠂ ︽ᠣᠯᠠᠨ ᠵᠦᠢᠯ ᠤᠨ ᠠᠷᠭ᠎ᠠ ᠵᠠᠮ ᠢᠶᠠᠷ ᠨᠠᠰᠤᠵᠢᠯ ᠤᠨ ᠠᠰᠠᠷᠠᠮᠵᠢ ᠶᠢᠨ ᠮᠡᠬᠡᠯᠡᠯ ᠳᠤ ᠬᠠᠤᠯᠢ ᠶᠣᠰᠣᠭᠠᠷ ᠴᠣᠬᠢᠯᠲᠠ ᠥᠭᠴᠦ ᠴᠡᠭᠴᠡᠯᠡᠨ ᠵᠠᠰᠠᠨ᠎ᠠ︾ ᠵᠡᠷᠭᠡ ᠠᠷᠠᠳ ᠤᠨ ᠲᠥᠯᠥᠭᠡ ᠬᠠᠤᠯᠢ ᠪᠠᠷ ᠵᠠᠰᠠᠬᠤ ᠰᠢᠨ᠎ᠡ ᠶᠢ ᠡᠭᠦᠳᠦᠭᠰᠡᠨ 18 ᠬᠡᠷᠡᠭ ᠤᠨ ᠵᠢᠱᠢᠶ᠎ᠡ ᠶᠢ ᠰᠢᠯᠭᠠᠷᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号