ᠮᠠᠨ ᠤ ᠤᠯᠤᠰ ᠵᠢᠷᠭᠤᠭᠠᠨ ᠶᠡᠭᠡ ᠠᠵᠢᠯᠯᠠᠭ᠎ᠠ ᠠᠪᠴᠤ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠠᠬᠢᠭᠤᠯᠬᠤ ᠪᠠᠷ ᠪᠤᠶ
ᠨᠡᠶᠢᠲᠡᠯᠡᠭᠰᠡᠨ ᠴᠠᠭ᠄
2024/1/11
     ᠰᠤᠷᠪᠤᠯᠵᠢᠯᠠᠬᠴᠢ 8 ᠠᠴᠠ 9 ᠤ ᠡᠳᠦᠷ ᠪᠤᠯᠲᠠᠯ᠎ᠠ ᠬᠤᠷᠠᠯᠳᠤᠭᠰᠠᠨ ᠪᠦᠭᠦ ᠤᠯᠤᠰ ᠤᠨ ᠠᠮᠤ ᠪᠤᠳᠠᠭ᠎ᠠ ᠪᠣᠯᠣᠨ ᠡᠳ᠋ ᠪᠣᠳᠠᠰ ᠤᠨ ᠨᠥᠭᠡᠴᠡᠯᠡᠯᠲᠡ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂  2024 ᠣᠨ ᠳᠤ᠂ ᠮᠠᠨ ᠤ ᠤᠯᠤᠰ ᠤᠳᠤ ᠦᠶ᠎ᠡ ᠶᠢᠨ ᠲᠠᠷᠢᠶᠠᠯᠠᠩ ᠤᠨ ᠲᠣᠮᠣ ᠰᠠᠭᠤᠷᠢᠨ᠂ ᠲᠣᠮᠣ ᠠᠵᠤ ᠠᠬᠤᠶᠢᠯᠠᠯ᠂ ᠲᠣᠮᠣ ᠠᠵᠤ ᠦᠢᠯᠡᠰ ᠢ ᠲᠦᠷᠭᠡᠨ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠮᠤ ᠪᠤᠳᠠᠭᠠᠨ ᠤ ᠪᠣᠬᠢᠷᠳᠤᠯ ᠦᠭᠡᠢ ᠭᠦᠮᠥᠷᠭᠡᠯᠡᠯᠲᠡ ᠵᠡᠷᠭᠡ ᠵᠢᠷᠭᠤᠭᠠᠨ ᠶᠡᠭᠡ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠠᠬᠢᠭᠤᠯᠬᠤ ᠪᠣᠯᠣᠨ᠎ᠠ᠃      ᠤᠯᠤᠰ ᠤᠨ ᠠᠮᠤ ᠪᠤᠳᠠᠭ᠎ᠠ ᠪᠣᠯᠣᠨ ᠡᠳ᠋ ᠪᠣᠳᠠᠰ ᠨᠥᠭᠡᠴᠡᠯᠡᠬᠦ ᠲᠣᠪᠴᠢᠶ᠎ᠠ ᠶᠢᠨ ᠳᠠᠷᠤᠭ᠎ᠠ ᠯᠢᠦ ᠬᠤᠸᠠᠨ ᠰᠢᠨ ᠬᠤᠷᠠᠯ ᠳᠡᠭᠡᠷ᠎ᠡ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠠᠬᠢᠭᠤᠯᠬᠤ ᠪᠠᠷ ᠳᠠᠮᠵᠢᠭᠤᠯᠵᠤ᠂ 2023 ᠣᠨ ᠳᠤ ᠮᠠᠨ ᠤ ᠤᠯᠤᠰ ᠠᠮᠤ ᠪᠤᠳᠠᠭᠠᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠡᠢ᠃ ᠵᠢᠱᠢᠯᠲᠡ ᠪᠠᠷ 2023 ᠣᠨ ᠳᠤ ᠠᠮᠤ ᠪᠤᠳᠠᠭᠠᠨ ᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠪᠦᠭᠦ ᠥᠷᠲᠡᠭ 4.3 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠬᠦ ᠪᠣᠯᠣᠨ᠎ᠠ᠃ ᠪᠤᠭᠤᠳᠠᠢ᠂ ᠰᠢᠷ᠎ᠠ ᠪᠤᠷᠴᠠᠭ ᠤᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠡᠶᠢᠲᠡᠯᠡᠵᠦ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠷᠪᠠᠳᠠᠭᠢ ᠲᠠᠯ᠎ᠠ ᠶᠢᠨ ᠰᠢᠯᠭᠠᠨ ᠪᠠᠶᠢᠴᠠᠭᠠᠵᠤ ᠬᠢᠨᠠᠨ ᠬᠡᠮᠵᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠪᠡ  ᠭᠡᠵᠦ ᠬᠡᠯᠡᠪᠡ᠃      ᠲᠡᠷᠡ᠂ 2024 ᠣᠨ ᠳᠤ ᠠᠮᠤ ᠪᠤᠳᠠᠭ᠎ᠠ ᠶᠢ ᠪᠣᠬᠢᠷᠳᠤᠯ ᠦᠭᠡᠢ ᠨᠥᠭᠡᠴᠡᠯᠡᠬᠦ᠂ ᠲᠦᠷᠦᠯ ᠵᠦᠢᠯ ᠶᠠᠰᠤ ᠴᠢᠨᠠᠷ ᠲᠦᠷᠦᠯ ᠲᠡᠮᠳᠡᠭ᠂ ᠶᠠᠰᠤ ᠴᠢᠨᠠᠷ ᠢ ᠮᠦᠷᠳᠡᠨ ᠪᠠᠶᠢᠴᠠᠭᠠᠬᠤ᠂ ᠮᠠᠰᠢᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ᠂ ᠠᠷᠪᠢᠯᠠᠨ ᠭᠠᠮᠨᠠᠬᠤ ᠬᠤᠬᠢᠷᠠᠯ ᠢ ᠪᠠᠭᠠᠰᠬᠠᠬᠤ ᠡᠷᠡᠭᠦᠯ ᠮᠡᠨᠳᠦ ᠬᠡᠷᠡᠭᠯᠡᠭᠡ  ᠵᠡᠷᠭᠡ ᠵᠢᠷᠭᠤᠭᠠᠨ ᠶᠡᠭᠡ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠎ᠠ᠃ ᠤᠯᠤᠰ ᠤᠨ ᠣᠲᠣ ᠦᠶ᠎ᠡ ᠶᠢᠨ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ︵ᠠᠵᠤ ᠦᠢᠯᠡᠰ︶ ᠤ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠲᠥᠬᠦᠭᠡᠷᠦᠮᠵᠢ ᠶᠢᠨ ᠲᠡᠭᠦᠯᠳᠡᠷᠵᠢᠯᠲᠡ ᠪᠠ ᠴᠢᠳᠠᠪᠬᠢ ᠶᠢᠨ ᠳᠡᠭᠡᠭᠰᠢᠯᠡᠯᠲᠡ ᠶᠢ ᠠᠬᠢᠭᠤᠯᠤᠨ᠂ ᠴᠢᠨᠠᠷ ᠰᠠᠶᠢᠲᠠᠢ ᠠᠮᠤ ᠪᠤᠳᠠᠭ᠎ᠠ ᠲᠣᠰᠣᠨ ᠤ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠭᠦᠨᠵᠡᠭᠡᠢ ᠠᠬᠢᠭᠤᠯᠤᠨ᠎ᠠ ᠭᠡᠵᠦ ᠢᠯᠡᠳᠬᠡᠪᠡ᠃      ᠣᠶᠢᠷ᠎ᠠ ᠶᠢᠨ ᠵᠢᠯ ᠳᠤ᠂ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠵᠤ᠂ ︽ᠳᠤᠮᠳᠠᠳᠤ ᠤᠯᠤᠰ ᠤᠨ ᠰᠠᠶᠢᠨ ᠠᠮᠤ ᠲᠣᠰᠣ︾ ᠶᠢᠨ ᠠᠵᠢᠯᠯᠠᠭ᠎ᠠ ᠶᠢ ᠥᠷᠨᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠳᠠᠷᠠᠭᠠᠬᠢ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠮᠤ ᠪᠤᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠦᠢᠯᠭᠡᠭᠡᠨ ᠤ ᠦᠢᠯᠡᠳᠪᠦᠷᠢᠯᠡᠯ᠂ ᠬᠡᠷᠡᠭᠯᠡᠭᠡ ᠳᠤ ᠦᠵᠡᠭᠦᠯᠭᠦ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠬᠡᠷᠡᠭᠯᠡᠭᠴᠢᠳ ᠤᠨ ︽ᠰᠢᠮ᠎ᠡ ᠲᠡᠵᠢᠭᠡᠯ ᠲᠠᠢ ᠬᠤᠭᠤᠯᠠᠯᠠᠬᠤ᠂ ᠡᠷᠡᠭᠦᠯ ᠡᠩᠬᠡ ᠬᠤᠭᠤᠯᠠᠯᠠᠬᠤ︾  ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ ᠪᠠᠶᠢᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 9 ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号