ᠡᠮᠴᠢᠯᠡᠭᠡᠨ ᠳᠤ ᠬᠡᠷᠡᠭᠯᠡᠬᠦ ᠴᠢᠰᠤ ᠶᠢ ᠪᠦᠭᠦᠨ ᠢ ᠠᠷᠠᠳ ᠢᠷᠭᠡᠳ ᠦᠨ᠎ᠡ ᠲᠥᠯᠥᠪᠦᠷᠢ ᠦᠭᠡᠢ ᠪᠠᠷ ᠬᠠᠨᠳᠢᠪᠯᠡᠪᠠ
ᠨᠡᠶᠢᠲᠡᠯᠡᠭᠰᠡᠨ ᠴᠠᠭ᠄
2024/1/11
     ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠯᠡᠷᠬᠡᠶᠢᠯᠡᠬᠦ ᠳᠡᠭᠡᠨ᠂ ᠮᠠᠨ ᠤ ᠤᠯᠤᠰ 1998 ᠣᠨ ᠳᠤ ︽ᠴᠢᠰᠤ ᠬᠠᠨᠳᠢᠪᠯᠡᠬᠤ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠬᠡᠮᠵᠢᠶ᠎ᠡ ᠪᠠ ᠬᠥᠮᠥᠨ ᠤᠳᠠᠭ᠎ᠠ ᠦᠷᠭᠦᠯᠵᠢᠯᠡᠨ ᠨᠡᠮᠡᠭᠳᠡᠵᠦ᠂ ᠡᠮᠴᠢᠯᠡᠭᠡᠨ ᠳᠤ ᠬᠡᠷᠡᠭᠯᠡᠬᠦ ᠴᠢᠰᠤ ᠶᠢ ᠪᠦᠭᠦᠨ ᠢ ᠠᠷᠠᠳ ᠢᠷᠭᠡᠳ ᠦᠨ᠎ᠡ ᠲᠥᠯᠥᠪᠦᠷᠢ ᠦᠭᠡᠢ ᠪᠠᠷ ᠬᠠᠨᠳᠢᠪᠯᠡᠭ᠌ᠰᠠᠨ ᠪᠠᠶᠢᠨ᠎ᠠ ᠭᠡᠵᠡᠢ᠃      ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠤᠯᠤᠰ ᠤᠨ ᠴᠢᠰᠤᠨ ᠤ ᠠᠮᠤᠷ ᠲᠦᠪᠰᠢᠨ ᠤ ᠬᠠᠩᠭᠠᠯᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠴᠢᠰᠤᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡᠯᠡᠭᠰᠡᠨ ︽2021 ᠣᠨ ᠤ ᠪᠦᠭᠦ ᠳᠡᠯᠡᠬᠡᠢ ᠶᠢᠨ ᠴᠢᠰᠤᠨ ᠤ ᠠᠮᠤᠷ ᠲᠦᠪᠰᠢᠨ ᠪᠠ ᠬᠦᠷᠲᠡᠮᠵᠢ ᠶᠢᠨ ᠣᠳᠣᠬᠢ ᠪᠠᠶᠢᠳᠠᠯ ᠤᠨ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ ᠮᠠᠨ ᠤ ᠤᠯᠤᠰ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠶᠡᠷᠦᠩᠬᠡᠢ ᠬᠡᠮᠵᠢᠶ᠎ᠡ᠂ ᠴᠢᠰᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠪᠠ ᠡᠮᠴᠢᠯᠡᠭᠡᠨ ᠳᠤ ᠬᠡᠷᠡᠭᠯᠡᠬᠦ ᠴᠢᠰᠤᠨ ᠤ ᠵᠦᠢ ᠵᠣᠬᠢᠰᠲᠠᠢ ᠬᠢᠷᠢ ᠲᠦᠪᠰᠢᠨ ᠵᠡᠷᠭᠡ ᠲᠠᠯ᠎ᠠ ᠪᠠᠷ ᠪᠦᠭᠦ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠵᠤ ᠪᠠᠶᠢᠨ᠎ᠠ᠃      ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠵᠢᠷᠭᠤᠭᠠᠨ ᠰᠠᠯᠠᠭ᠎ᠠ ᠮᠥᠴᠢᠷ ᠤᠨ ᠥᠴᠥᠭᠡᠳᠦᠷ ᠨᠡᠶᠢᠲᠡᠯᠡᠭᠰᠡᠨ ᠮᠡᠳᠡᠭᠳᠡᠯ ᠳᠤ᠂ ᠡᠯ᠎ᠡ ᠭᠠᠵᠠᠷ ᠤᠨ ᠬᠢᠨ ︽ᠴᠢᠰᠤ ᠬᠠᠨᠳᠢᠪᠯᠠᠬᠰᠠᠳ ᠢᠶᠠᠷ ᠭᠤᠣᠯ ᠪᠤᠯᠭᠠᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠪᠤᠶ ᠪᠤᠯᠭᠠᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠭᠦ ᠭᠡᠷᠡᠭᠲᠡᠢ; ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠳ ᠰᠠᠶᠢᠨ ᠳᠤᠷ᠎ᠠ ᠶᠢᠨ ᠠᠵᠢᠯᠯᠠᠭᠰᠠᠳ ᠢ ᠵᠣᠬᠢᠶᠠᠨ ᠪᠠᠶᠢᠭᠤᠯᠤᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠤᠬᠠᠭᠤᠯᠭ᠎ᠠ ᠪᠠ ᠦᠢᠯᠡᠴᠢᠯᠡᠭᠡᠨ ᠤ ᠠᠵᠢᠯ ᠳᠤ ᠢᠳᠡᠪᠬᠢᠲᠡᠢ ᠣᠷᠣᠯᠴᠠᠭᠤᠯᠬᠤ ᠭᠡᠷᠡᠭᠲᠡᠢ; ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠴᠢᠰᠤᠨ ᠤ ᠥᠷᠲᠡᠭᠡ ᠨᠦᠭᠦᠳ ᠴᠢᠰᠤᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠠᠵᠢᠯ ᠢ ᠥᠷᠨᠢᠭᠦᠯᠵᠦ᠂ ᠴᠢᠰᠤ ᠬᠠᠨᠳᠢᠪᠯᠠᠬᠰᠠᠳ ᠤᠨ ᠵᠠᠭᠠᠯᠳᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠂ ᠵᠠᠭᠠᠯᠳᠤᠯᠭ᠎ᠠ ᠶᠢ ᠭᠥᠯᠢᠶᠡᠨ ᠠᠪᠤᠮᠠᠭᠴᠠ ᠰᠢᠢᠳᠪᠦᠷᠢᠯᠡᠵᠦ᠂ ᠴᠢᠰᠤ ᠬᠠᠨᠳᠢᠪᠯᠠᠬᠰᠠᠳ ᠤᠨ ᠰᠡᠳᠬᠢᠯ ᠲᠠᠯᠪᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ᠃      ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠳ ᠴᠢᠰᠤᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠵᠤ᠂ ︽ᠢᠨᠲ᠋ᠧᠷ ᠰᠦᠯᠵᠢᠶ᠎ᠡ + ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ︾ ᠦᠢᠯᠡᠴᠢᠯᠡᠭᠡᠨ ᠤ ᠵᠠᠭᠪᠤᠷ ᠢ ᠪᠠᠶᠢᠭᠤᠯᠤᠨ᠂ ᠴᠢᠰᠤ ᠬᠠᠨᠳᠢᠪᠯᠠᠬᠰᠠᠳ ᠲᠤ ᠥᠪᠡᠷᠮᠢᠴᠡ᠂ ᠨᠠᠷᠢᠯᠢᠭᠵᠢᠭᠤᠯᠤᠭᠰᠠᠨ ᠦᠢᠯᠡᠴᠢᠯᠡᠭᠡ ᠬᠠᠩᠭᠠᠬᠤ ᠬᠡᠷᠡᠭᠲᠡᠢ᠃ ᠴᠢᠰᠤ ᠬᠠᠨᠳᠢᠪᠯᠡᠬᠤ ᠳᠤ ᠤᠷᠢᠳᠴᠢᠯᠠᠨ ᠪᠣᠯᠵᠣᠬᠤ ᠶᠢ ᠠᠬᠢᠭᠤᠯᠵᠤ᠂ ᠴᠢᠰᠤ ᠬᠠᠨᠳᠢᠪᠯᠡᠬᠤ ᠶᠢ ᠤᠷᠢᠳᠴᠢᠯᠠᠨ ᠪᠣᠯᠵᠣᠬᠤ ᠶᠠᠪᠤᠴᠠ ᠶᠢ ᠰᠢᠯᠢᠳᠡᠭᠵᠢᠭᠦᠯᠦᠨ᠂ ᠬᠦᠯᠢᠶᠡᠬᠦ ᠴᠠᠭ ᠢ ᠪᠣᠭᠤᠨᠢᠰᠬᠠᠵᠤ᠂ ᠴᠢᠰᠤ ᠬᠠᠨᠳᠢᠪᠯᠠᠬᠰᠠᠳ ᠤᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠳᠤ ᠲᠥᠭᠦᠮ ᠦᠵᠡᠭᠦᠯᠦᠨ᠎ᠡ᠃      ᠡᠯ᠎ᠡ ᠱᠠᠲᠤᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠤᠳ ᠲᠧᠯᠸᠢᠰ ᠷᠠᠳᠢᠣ᠋ ᠨᠡᠪᠲᠡᠷᠡᠭᠦᠯᠭᠡ ᠶᠢᠨ ᠫᠷᠣᠭ᠍ᠷᠠᠮ᠂ ᠰᠦᠯᠵᠢᠶᠡᠨ ᠤ ᠦᠵᠡᠵᠦ ᠰᠣᠨᠣᠰᠬᠤ ᠫᠷᠣᠭ᠍ᠷᠠᠮ ᠪᠣᠯᠣᠨ ᠣᠯᠠᠨ ᠨᠡᠶᠢᠲᠡ ᠶᠢᠨ ᠦᠵᠡᠵᠦ ᠰᠣᠨᠣᠰᠬᠤ ᠠᠴᠢᠶᠠᠯᠠᠪᠤᠷᠢ ᠶᠢᠨ ᠫᠷᠣᠭ᠍ᠷᠠᠮ ᠳᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠨᠡᠶᠢᠲᠡ ᠶᠢᠨ ᠠᠰᠠᠷᠠᠮᠵᠢ ᠶᠢᠨ ᠵᠠᠷ ᠨᠡᠪᠲᠡᠷᠡᠭᠦᠯᠬᠦ ᠶᠢ ᠢᠳᠡᠪᠬᠢᠲᠡᠢ ᠪᠠᠷ ᠲᠡᠮᠵᠢᠵᠦ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠲᠡᠷᠢᠭᠦᠨ ᠤ ᠬᠥᠮᠥᠰ ᠪᠣᠯᠣᠨ ᠨᠡᠶᠢᠲᠡᠯᠢᠭ ᠦᠢᠯᠡ ᠠᠵᠢᠯᠯᠠᠭ᠎ᠠ ᠲᠠᠢ ᠤᠶᠠᠯᠳᠤᠭᠤᠯᠤᠨ᠂ ᠬᠠᠷᠠᠮ ᠦᠭᠡᠢ ᠪᠠᠷ ᠬᠤᠪᠢ ᠨᠡᠮᠡᠷᠢ ᠦᠵᠡᠭᠦᠯᠭᠦ ᠪᠠ ᠴᠢᠰᠤ ᠪᠠᠨ ᠬᠠᠨᠳᠢᠪᠯᠡᠵᠤ ᠪᠤᠰᠤᠳ ᠢ ᠠᠪᠤᠷᠠᠬᠤ ᠬᠥᠮᠥᠡᠯᠢᠭ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号