ᠦᠨᠡᠨ ᠬᠦ ᠠᠳᠬᠤᠨ ᠪᠣᠳᠠᠲᠠᠢ ᠠᠵᠢᠯᠯᠠᠵᠤ ᠴᠢᠩᠭ᠎ᠠ ᠠᠳᠬᠤᠨ ᠱᠠᠯᠠᠪᠳᠠᠨ ᠭᠦᠢᠴᠡᠳᠬᠡᠵᠦ ᠡᠯ᠎ᠡ ᠵᠦᠢᠯ  ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/1/12
     - ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ   ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠰᠣᠷᠪᠤᠯᠵᠢᠯᠠᠭ᠎ᠠ ⑩        ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ 2024 ᠣᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠺᠠᠳ᠋ᠷ ᠲᠤ ᠪᠠᠶᠢᠵᠤ᠂ ᠦᠨᠳᠦᠰᠦ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠳᠤ ᠪᠠᠶᠢᠨ᠎ᠠ ᠭᠡᠵᠦ ᠴᠢᠬᠤᠯᠠᠴᠢᠯᠠᠵᠠᠢ᠃      ᠪᠦᠭᠦᠲᠠ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠴᠢᠩᠭ᠎ᠠ ᠠᠳᠬᠤᠨ ᠱᠠᠯᠠᠪᠳᠠᠨ ᠭᠦᠢᠴᠡᠳᠬᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠰᠡᠳᠬᠢᠨ ᠵᠣᠷᠢᠭᠲᠠᠢ ᠠᠵᠢᠯᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠤᠢ︖ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠵᠧᠦ ᠺᠠᠢ᠂ ᠥᠪᠥᠷ ᠮᠣᠩᠭᠤᠯ  ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠰᠦᠨ ᠵᠢᠶᠧ ᠶᠢ ᠰᠤᠷᠪᠤᠯᠵᠢᠯᠠᠪᠠ᠃      ᠵᠧᠦ ᠺᠠᠢ ᠶᠢᠨ ᠦᠵᠡᠬᠦ ᠪᠠᠷ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦᠳᠡ ᠬᠤᠷᠠᠯ ᠠᠴᠠ ᠳᠤᠷᠠᠳᠤᠭᠰᠠᠨ ︽ᠵᠢᠷᠭᠤᠭᠠᠨ ᠢᠨᠵᠧᠨᠧᠷᠢᠩ︾ ᠢ ᠰᠠᠶᠢᠲᠤᠷ ᠠᠳᠬᠤᠬᠤ ᠵᠡᠷᠭᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠢᠩᠭ᠎ᠠ ᠬᠠᠮᠢᠶᠠᠷᠬᠤ ᠪᠠ ᠰᠠᠶᠢᠲᠤᠷ ᠬᠠᠯᠠᠮᠵᠢᠯᠠᠬᠤ ᠶᠢ ᠤᠶᠠᠯᠳᠤᠭᠤᠯᠤᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠡᠨᠡ ᠬᠦ ᠦᠢᠯᠡᠳᠦᠯᠭᠡ ᠶᠢᠨ ᠲᠤᠷᠰᠢᠯᠭ᠎ᠠ ᠶᠢ ᠪᠠᠷᠢᠮᠲᠠᠯᠠᠨ᠂ ᠺᠠᠳ᠋ᠷᠴᠤᠳ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢ ᠦᠨᠡᠨ ᠬᠦ ᠭᠦᠢᠴᠡᠳ ᠬᠥᠭᠵᠢᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠭᠰᠠᠨ ᠶᠠᠪᠤᠳᠠᠯ ᠢ ᠦᠨᠡᠨ ᠬᠦ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠯ᠎ᠡ ᠪᠠᠶᠢᠭᠤᠯᠭ᠎ᠠ ᠨᠢᠭᠡᠴᠢ ᠶᠢᠨ ᠪᠣᠳᠠᠲᠠᠢ ᠠᠵᠢᠯ ᠪᠣᠯᠭᠠᠨ᠂ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠴᠢᠷ ᠶᠠᠪᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ᠵᠧᠦ ᠺᠠᠢ᠂ ᠴᠢᠨᠠᠷ ᠰᠠᠶᠢᠲᠠᠢ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠳᠤ ᠳᠣᠣᠷᠠᠬᠢ ᠬᠡᠳᠦᠨ ᠲᠠᠯ᠎ᠠ ᠪᠠᠷ ᠬᠦᠴᠦᠯᠡᠬᠦ ᠴᠢᠬᠤᠯᠠᠲᠠᠢ᠄ ᠨᠢᠭᠡ ᠳᠤ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠺᠠᠳ᠋ᠷᠴᠤᠳ ᠤᠨ ︽ᠲᠡᠷᠢᠭᠦᠨ ᠳᠤ ᠣᠷᠣᠬᠤ  ᠪᠠᠷ ᠴᠢᠷᠮᠠᠶᠢᠬᠤ︾ ᠢᠲᠡᠭᠡᠯ ᠵᠣᠷᠢᠭ ᠢ ᠨᠡᠮᠡᠭᠳᠡᠭᠦᠯᠬᠦ ᠴᠢᠬᠤᠯᠠᠲᠠᠢ᠃ ᠬᠤᠶᠠᠷ ᠲᠤ  ᠬᠥᠮᠥᠨ ᠬᠡᠷᠡᠭᠯᠡᠬᠦ ᠤᠳᠤᠷᠢᠳᠤᠮᠵᠢ  ᠶᠢ ᠢᠯᠡᠷᠡᠭᠦᠯᠵᠦ᠂ ᠺᠠᠳ᠋ᠷᠴᠤᠳ ᠤᠨ ︽ᠵᠣᠷᠢᠭᠲᠠᠢ ᠬᠢᠵᠦ ᠵᠣᠷᠢᠭᠲᠠᠢ ᠠᠵᠢᠯᠯᠠᠬᠤ︾ ᠡᠷᠴᠢ ᠵᠣᠷᠢᠭ ᠢ ᠬᠥᠭᠵᠢᠭᠡᠬᠦ ᠴᠢᠬᠤᠯᠠᠲᠠᠢ᠃ ᠭᠤᠷᠪᠠ ᠳᠤ ᠬᠥᠭᠵᠢᠯᠲᠡ ᠶᠢᠨ ᠬᠡᠷᠡᠭᠴᠡᠭᠡ ᠶᠢ ᠴᠢᠩᠭ᠎ᠠ ᠠᠩᠬᠠᠷᠴᠤ᠂ ᠺᠠᠳ᠋ᠷᠴᠤᠳ ᠤᠨ︽ᠠᠵᠢᠯᠯᠠᠪᠠᠯ ᠠᠮᠵᠢᠯᠲᠠ ᠪᠦᠲᠦᠮᠵᠢ ᠭᠠᠷᠭᠠᠬᠤ︾ᠡᠷᠳᠡᠮ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠭᠡᠵᠦ ᠬᠡᠯᠡᠪᠡ᠃      ︽ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠡᠵᠡᠮᠳᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠪᠠᠲᠤᠲᠠᠢ ᠦᠢᠯᠡᠳᠦᠯᠭᠡᠵᠢᠭᠦᠯᠦᠨ᠂ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠤᠳᠤᠷᠢᠳᠬᠤ ᠺᠠᠳ᠋ᠷ ᠡᠨᠡ ᠬᠦ ︿ᠵᠠᠩᠭᠢᠯᠠᠭ᠎ᠠ ᠶᠢᠨ ᠴᠥᠭᠡᠨ ᠲᠣᠭᠠᠲᠠᠨ﹀ ᠢ ᠪᠠᠲᠤ ᠠᠳᠬᠤᠬᠤ ᠬᠡᠷᠡᠭᠲᠡᠢ︾ ᠭᠡᠵᠦ ᠰᠦᠨ ᠵᠢᠶᠧ ᠬᠡᠯᠡᠨ᠎ᠡ᠃ ᠲᠡᠭᠦᠨ ᠤ ᠦᠵᠡᠬᠦ ᠪᠠᠷ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠭᠰᠠᠨ ᠡᠰᠡᠬᠦ᠂ ᠦᠨᠡᠨ ᠪᠣᠳᠠᠲᠠᠢ ᠪᠠᠶᠢᠬᠤ ᠡᠰᠡᠬᠦ ᠪᠣᠯ ᠤᠳᠤᠷᠢᠳᠬᠤ ᠺᠠᠳ᠋ᠷ ᠤᠨ ᠤᠯᠤᠰ ᠲᠥᠷᠥ  ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠬᠡᠮᠵᠢᠬᠦ ᠴᠢᠬᠤᠯᠠ ᠪᠠᠷᠢᠮᠵᠢᠶ᠎ᠠ ᠮᠥᠨ᠂ ᠪᠠᠰᠠ ᠴᠤ ᠤᠳᠤᠷᠢᠳᠬᠤ ᠺᠠᠳ᠋ᠷ ᠤᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠴᠢᠳᠠᠬᠤ ᠡᠰᠡᠬᠦ ᠶᠢ ᠮᠠᠭᠠᠳᠯᠠᠬᠤ ᠰᠢᠯᠭᠠᠭᠤᠷ ᠮᠥᠨ᠃      ᠰᠦᠨ ᠵᠢᠶᠧ᠂ ᠣᠷᠣᠨ ᠳᠠᠶᠠᠭᠠᠷ ᠢᠶᠠᠨ ᠱᠠᠯᠠᠪᠳᠠᠨ ᠠᠵᠢᠯᠯᠠᠵᠤ᠂ ᠡᠭᠢᠯᠡᠯᠲᠡ ᠪᠣᠯ ᠳᠠᠷᠤᠢ ᠰᠢᠢᠳᠪᠦᠷᠢᠲᠦ ᠳᠠᠶᠢᠯᠠᠯᠳᠤᠭᠠᠨ ᠮᠥᠨ ᠭᠡᠬᠦ ᠤᠬᠠᠮᠰᠠᠷ ᠢ ᠪᠠᠲᠤ ᠪᠤᠶ ᠪᠣᠯᠭᠠᠨ᠂︽ᠳᠣᠯᠤᠭ᠎ᠠ ᠶᠢ ᠲᠠᠶᠠᠭᠳᠠᠬᠤ︾ ᠶᠢ ᠡᠷᠡᠰ ᠪᠡᠶᠡᠯᠡᠭᠦᠯᠵᠦ᠂ ︽ᠤᠳᠠᠭᠠᠨ ᠪᠦᠳᠦᠭᠦᠯᠢᠭ ᠬᠡᠶᠢᠰᠪᠦᠷᠢ︾ ᠠᠷᠬᠠᠭ ᠭᠡᠮ ᠢ ᠡᠷᠡᠰ ᠲᠡᠪᠴᠢᠨ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠪᠣᠭᠤᠮᠲᠠ ᠰᠢᠪᠲᠤᠯᠬᠤ ᠴᠢᠬᠤᠯᠠᠳᠠᠢ᠃ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠬᠤ ᠳᠤ ᠡᠷᠬᠡᠪᠰᠢ ᠰᠤᠷᠲᠠᠯ ᠢᠶᠠᠨ ᠬᠤᠪᠢᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠢᠷᠠᠭᠤ ᠠᠯᠳᠠᠷᠲᠤ ᠤᠯᠠᠮᠵᠢᠯᠠᠯ ᠢ ᠭᠦᠢᠴᠡᠳ ᠪᠠᠳᠠᠷᠠᠭᠤᠯᠬᠤ ᠴᠢᠬᠤᠯᠠᠲᠠᠢ᠂ ᠶᠠᠭᠠᠬᠢᠭᠰᠠᠨ ᠴᠦ ᠬᠡᠶᠢᠰᠪᠦᠷᠢ ᠭᠠᠪᠢᠶ᠎ᠠ ᠪᠠᠶᠢᠭᠤᠯᠬᠤ ᠶᠢ ᠪᠤᠳᠤᠵᠤ ᠪᠤᠯᠬᠤ ᠦᠭᠡᠢ᠃  ᠵᠣᠷᠢᠭᠲᠠᠢ ᠰᠡᠳᠬᠢᠨ ᠵᠣᠷᠢᠭᠲᠠᠢ ᠠᠵᠢᠯᠯᠠᠵᠤ᠂ ᠵᠣᠷᠢᠭᠲᠠᠢ ᠪᠠᠷ ᠰᠢᠨ᠎ᠡ ᠶᠢ ᠡᠭᠦᠳᠬᠦ ᠵᠠᠮ ᠳᠡᠭᠡᠷᠡᠬᠢ ᠳᠠᠭᠠᠭᠤᠯᠤᠭᠴᠢ ᠪᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠢᠯᠡᠳᠦᠯᠭᠡᠵᠢᠭᠦᠯᠦᠭᠴᠢ ᠪᠤᠯᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠲᠠᠰᠤᠷᠠᠯᠲᠠ ᠦᠭᠡᠢ ᠬᠦᠴᠦᠨ ᠴᠢᠳᠠᠯ ᠢᠶᠠᠨ ᠡᠷᠭᠦᠬᠦ ᠴᠢᠬᠤᠯᠠᠲᠠᠢ ᠭᠡᠵᠦ ᠰᠠᠨᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号