2024 ᠣᠨ ᠤ 1 ᠳ᠋ᠦ᠋ᠭᠡᠷ ᠰᠠᠷ᠎ᠠ ᠶᠢᠨ ᠭᠤᠷᠪᠠᠨ ᠠᠷᠠᠳ ᠤᠨ ᠠᠮᠢᠳᠤᠷᠠᠯ ᠤᠨ ᠲᠣᠭᠲᠠᠮᠠᠯ ᠨᠥᠬᠦᠪᠦᠷᠢ ᠶᠢᠨ ᠵᠠᠷᠤᠳᠠᠯ ᠢ ᠪᠠᠭᠤᠯᠭᠠᠬᠤ ᠲᠤᠬᠠᠢ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/1/12
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ᠄      ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ︽︿ᠰᠣᠶᠣᠯ ᠤᠨ ᠶᠡᠭᠡ ᠬᠤᠪᠢᠰᠬᠠᠯ﹀ ᠤᠨ ᠭᠤᠷᠪᠠᠨ ᠠᠷᠠᠳ ᠤᠨ ᠬᠥᠮᠥᠰ ᠤᠨ 2018 ᠣᠨ ᠤ ᠲᠥᠰᠥᠪ ᠤᠨ ᠪᠡᠯᠡ ᠮᠥᠩᠭᠦ ᠶᠢ ᠨᠡᠮᠡᠬᠦ ᠲᠤᠬᠠᠢ ᠮᠡᠳᠡᠭᠳᠡᠯ︾ ︵ᠬᠥᠬᠡᠬᠤᠲᠠ ᠠᠷᠠᠳ ᠶᠠᠪᠤᠳᠠᠯ ᠥᠰᠥᠭ ﹇2018﹈ 75 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠰᠤᠳᠤᠯᠬᠤ ᠪᠠᠷ ᠳᠡᠮᠵᠢᠨ᠂ ᠮᠠᠨ ᠤ ᠰᠢᠶᠠᠨ ᠤ 70 ᠭᠤᠷᠪᠠᠨ ᠠᠷᠠᠳ ᠲᠤ 2024 ᠣᠨ ᠤ 1 ᠳ᠋ᠦ᠋ᠭᠡᠷ ᠰᠠᠷ᠎ᠠ ᠶᠢᠨ ᠭᠤᠷᠪᠠᠨ ᠠᠷᠠᠳ ᠤᠨ ᠲᠣᠭᠲᠠᠮᠠᠯ ᠨᠥᠬᠦᠪᠦᠷᠢ ᠶᠢᠨ ᠵᠠᠷᠤᠳᠠᠯ᠂ ᠨᠡᠶᠢᠲᠡ 9.387 ᠲᠦᠮᠡᠨ ᠲᠥᠭᠦᠷᠢᠭ ᠪᠠᠭᠤᠯᠭᠠᠬᠤ ᠪᠠᠷ ᠲᠣᠭᠲᠠᠪᠠ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠣᠰ ᠮᠡᠳᠡᠭᠳᠡᠯ ᠢ ᠣᠯᠣᠭᠰᠠᠨ ᠤ ᠳᠠᠷᠠᠭ᠎ᠠ ᠪᠦᠷᠢᠨ ᠴᠢᠳᠠᠮᠵᠢᠲᠦ ᠺᠠᠷᠲ ᠢᠶᠠᠷ ᠲᠠᠷᠬᠠᠭᠠᠬᠤ ᠠᠵᠢᠯ ᠢ ᠲᠦᠷᠭᠡᠬᠡᠨ ᠨᠠᠶᠢᠳᠠᠪᠤᠷᠢᠵᠢᠭᠤᠯᠬᠤ ᠪᠣᠯᠪᠠᠤ᠃                                     ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                          2023 ᠤᠨ 12 ᠰᠠᠷ᠎ᠠ ᠶᠢᠨ 28 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号