ᠬᠤᠭᠤᠯᠠᠢ ᠠᠭᠤᠯᠠ ᠰᠢᠶᠠᠩ ︽ᠴᠠᠭᠠᠨ ᠰᠠᠷ᠎ᠠ ᠶᠢᠨ ᠪᠠᠶᠠᠷ ᠢ ᠤᠭᠲᠤᠵᠤ ᠬᠤᠣᠰ ᠤᠶᠠᠩᠭ᠎ᠠ ᠬᠦᠷᠭᠡᠬᠦ︾ ᠠᠵᠢᠯᠯᠠᠭ᠎ᠠ ᠥᠷᠨᠢᠭᠦᠯᠵᠦ ᠳᠤᠮᠳᠠᠳᠤ ᠶᠢᠨ ᠰᠣᠶᠣᠯ ᠢ ᠤᠯᠠᠮᠵᠢᠯᠠᠵᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠪᠠ
ᠨᠡᠶᠢᠲᠡᠯᠡᠭᠰᠡᠨ ᠴᠠᠭ᠄
2024/1/15
ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠦᠨᠳᠦᠰᠦᠨ ᠱᠠᠲᠤᠨ ᠤ ᠣᠯᠠᠨ ᠲᠦᠮᠡᠨ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠮᠡᠳᠡᠷᠡᠭᠦᠯᠵᠦ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠬᠤᠭᠤᠯᠠᠢ ᠠᠭᠤᠯᠠ ᠰᠢᠶᠠᠩ ᠤᠨ ᠬᠢᠨ ᠦᠴᠦᠸᠠᠨ ᠰᠢᠶᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠲᠣᠪᠴᠢᠶ᠎ᠠ ᠶᠢ ᠲᠤᠰᠬᠠᠶᠢᠯᠠᠨ ᠤᠷᠢᠵᠤ ︽ᠴᠠᠭᠠᠨ ᠰᠠᠷ᠎ᠠ ᠶᠢᠨ ᠪᠠᠶᠠᠷ ᠢ ᠤᠭᠲᠤᠵᠤ ᠬᠤᠣᠰ ᠤᠶᠠᠩᠭ᠎ᠠ ᠬᠦᠷᠭᠡᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠡᠷᠬᠢᠯᠡᠪᠡ᠃
ᠠᠵᠢᠯᠯᠠᠭ᠎ᠠ ᠶᠢᠨ ᠠᠬᠤᠢ ᠲᠠᠯᠠᠪᠠᠶ ᠳᠤ ᠤᠷᠠᠨ ᠪᠢᠴᠢᠯᠭᠡᠲᠡᠨ ᠨᠠᠷ ᠪᠢᠷ ᠪᠡᠭᠡ ᠪᠠᠷ ᠢᠶᠠᠨ ᠥᠯᠵᠡᠢ ᠪᠡᠯᠭᠡ ᠶᠢ ᠪᠡᠯᠭᠡᠳᠡᠭᠰᠡᠨ ᠬᠤᠣᠰ ᠤᠶᠠᠩᠭ᠎ᠠ ᠪᠢᠴᠢᠭᠯᠡᠨ᠎ᠡ᠃ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠵᠣᠭᠰᠣᠵᠤ᠂ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠰᠣᠨᠢᠷᠬᠠᠵᠤ ᠪᠡᠶ᠎ᠡ ᠪᠠᠷ ᠢᠶᠠᠨ ᠣᠶᠢᠯᠠᠭᠠᠵᠤ᠂ ᠬᠦᠷ ᠬᠥᠭᠵᠢᠶᠡᠨ ᠲᠠᠢ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠢᠶᠠᠷ ᠪᠢᠯᠬᠠᠨ᠎ᠠ᠃ ᠪᠦᠷᠢᠳᠬᠡᠯ ᠢ ᠦᠨᠳᠦᠰᠦᠯᠡᠪᠡᠯ᠂ ᠲᠤᠰ ᠤᠳᠠᠭ᠎ᠠ ᠶᠢᠨ ᠠᠵᠢᠯᠯᠠᠭ᠎ᠠ ᠳᠤ ᠨᠡᠶᠢᠳᠡ 100 ᠭᠠᠷᠤᠢ ᠬᠤᠪᠢ ︽ᠪᠤᠶᠠᠨ︾ ᠦᠰᠦᠭ᠂ 150 ᠭᠠᠷᠤᠢ ᠬᠤᠪᠢ ᠬᠤᠣᠰ ᠤᠶᠠᠩᠭ᠎ᠠ ᠬᠦᠷᠭᠡᠪᠡ᠃
ᠲᠣᠰ ᠤᠳᠠᠭᠠᠨ ᠤ ᠠᠵᠢᠯᠯᠠᠭ᠎ᠠ ᠶᠢᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠵᠦᠢᠯᠡᠰ ᠤᠨ ᠦᠵᠡᠭᠦᠯᠦᠯᠭᠡ ᠶᠢᠨ ᠲᠣᠭᠯᠠᠯᠲᠠ ᠨᠢ ᠥᠷᠭᠡᠨ ᠤᠯᠠᠨ ᠲᠣᠰᠬᠤᠨ ᠤ ᠠᠷᠠᠳ ᠤᠨ ᠠᠩᠬᠠᠷᠤᠯ ᠢ ᠲᠠᠲᠠᠵᠤ᠂ ᠦᠨᠳᠦᠰᠦᠨ ᠱᠠᠲᠤᠨ ᠤ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠵᠢᠯᠯᠠᠭ᠎ᠠ ᠶᠢ ᠪᠠᠶᠠᠯᠢᠭᠵᠢᠭᠤᠯᠵᠤ᠂ ᠲᠡᠳᠡᠨ ᠳᠤ ᠭᠤᠶᠢᠳᠠ ᠰᠠᠶᠢᠬᠠᠨ ᠲᠣᠭᠯᠠᠯᠲᠠ ᠶᠢ ᠰᠣᠨᠢᠷᠬᠠᠭᠤᠯᠬᠤ  ᠶᠢᠨ ᠵᠡᠷᠭᠡ ᠳᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃
ᠲᠣᠰ ᠤᠳᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠨᠢ ᠦᠨᠳᠦᠰᠦᠨ ᠱᠠᠲᠤᠨ ᠤ ᠣᠯᠠᠨ ᠲᠦᠮᠡᠨ ᠤ ᠵᠣᠯ ᠵᠢᠷᠭᠠᠯᠲᠤ ᠰᠡᠳᠬᠢᠭᠳᠡᠯ ᠪᠠ ᠬᠦᠷᠲᠡᠮᠵᠢ ᠶᠢᠨ ᠰᠡᠳᠬᠢᠭᠳᠡᠯ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠤᠭᠤᠯᠠᠢ ᠠᠭᠤᠯᠠ ᠰᠢᠶᠠᠩ ᠤᠨ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠰᠢᠰᠲ᠋ᠧᠮ ᠢ ᠪᠠᠳᠠᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ᠂ ᠬᠤᠭᠤᠯᠠᠢ ᠠᠭᠤᠯᠠ ᠰᠢᠶᠠᠩ ᠦᠷᠭᠦᠯᠵᠢᠯᠡᠨ ᠨᠠᠩ ᠣᠯᠠᠨ ᠡᠶᠢᠮᠦᠷᠬᠦ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠰᠣᠶᠣᠯ ᠢ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠤᠨ ᠳᠣᠣᠷ᠎ᠠ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠨ᠎ᠠ᠃      ᠢᠷᠡᠯᠲᠡ᠄ ᠬᠤᠭᠤᠯᠠᠢ ᠠᠭᠤᠯᠠ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号