2024 ᠣᠨ ᠤ 2 ᠳ᠋ᠤᠭᠠᠷ ᠰᠠᠷ᠎ᠠ ᠶᠢᠨ ᠬᠤᠲᠠ ᠪᠠᠯᠭᠠᠰᠤᠨ ᠤ ᠣᠨᠴᠠ ᠬᠦᠴᠢᠷᠳᠡᠯᠲᠡᠢ ᠴᠢᠳᠠᠪᠤᠷᠢ ᠪᠠᠨ ᠠᠯᠳᠠᠭᠰᠠᠨ ᠬᠥᠮᠥᠰ ᠢ ᠲᠥᠪᠯᠡᠷᠡᠭᠦᠯᠦᠨ ᠠᠰᠠᠷᠠᠨ ᠰᠤᠪᠢᠯᠠᠬᠤ ᠮᠥᠩᠭᠦ ᠶᠢ ᠳᠣᠷᠣᠭᠰᠢ ᠪᠠᠭᠤᠯᠭᠠᠬᠤ ᠲᠤᠬᠠᠢ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/1/15
ᠦᠴᠦᠸᠠᠨ ᠰᠢᠶᠠᠨ ᠤ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ᠄      ︽ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ ᠠᠷᠭ᠎ᠠ︾ ︵ᠠᠷᠠᠳ ᠲᠠᠷᠬᠠᠭᠠᠭᠰᠠᠨ ﹇2021﹈ 43 ᠳ᠋ᠤᠭᠠᠷ ᠲᠣᠭᠠᠲᠤ︶ ︽ᠬᠥᠬᠡᠬᠤᠲᠠ ᠶᠢᠨ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾  ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2017﹈ 20 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠰᠤᠳᠤᠯᠤᠯᠲᠠ ᠪᠠᠷ ᠳᠡᠮᠵᠢᠨ᠂ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠪᠠᠷ ᠲᠥᠪᠯᠡᠷᠡᠨ ᠰᠠᠭᠤᠵᠤ ᠪᠠᠶᠢᠭ᠎ᠠ ᠣᠨᠴᠠ ᠬᠦᠴᠢᠷᠳᠡᠯᠲᠡᠢ ᠴᠢᠳᠠᠪᠤᠷᠢ ᠪᠠᠨ ᠠᠯᠳᠠᠭᠰᠠᠨ ᠬᠥᠮᠥᠰ ᠢ ᠬᠠᠷᠠᠭᠠᠯᠵᠠᠨ ᠠᠰᠠᠷᠠᠬᠤ ᠠᠵᠢᠯ ᠢ ᠬᠠᠷᠢᠭᠤᠴᠠᠭᠤᠯᠬᠤ ᠪᠠᠷ ᠲᠣᠭᠲᠠᠪᠠ᠃      ᠴᠢᠳᠠᠪᠤᠷᠢ ᠪᠠᠨ ᠬᠠᠭᠠᠰ ᠠᠯᠳᠠᠭᠰᠠᠨ ᠣᠨᠴᠠ ᠬᠦᠴᠢᠷᠳᠡᠯᠲᠡᠶ ᠬᠥᠮᠥᠰ ᠢ ᠠᠰᠠᠷᠠᠨ ᠰᠤᠪᠢᠯᠠᠬᠤ ᠵᠠᠷᠤᠳᠠᠯ ᠬᠥᠮᠥᠨ ᠪᠦᠷᠢ 496 ᠲᠥᠭᠦᠷᠢᠭ\ ᠰᠠᠷ᠎ᠠ᠂ ᠴᠢᠳᠠᠪᠤᠷᠢ ᠪᠠᠨ ᠪᠦᠷᠢᠨ ᠠᠯᠳᠠᠭᠰᠠᠨ ᠣᠨᠴᠠ ᠬᠦᠴᠢᠷᠳᠡᠯᠲᠡᠶ ᠬᠥᠮᠥᠰ ᠤᠨ ᠠᠰᠠᠷᠠᠨ ᠰᠤᠪᠢᠯᠠᠬᠤ ᠵᠠᠷᠤᠳᠠᠯ ᠬᠥᠮᠥᠨ ᠪᠦᠷᠢ 1265 ᠲᠥᠭᠦᠷᠢᠭ/ᠰᠠᠷ᠎ᠠ ᠶᠢᠨ ᠠᠰᠠᠷᠠᠨ ᠰᠤᠪᠢᠯᠠᠬᠤ ᠪᠠᠷᠢᠮᠵᠢᠶ᠎ᠠ ᠪᠠᠷ᠂ ᠣᠲᠣ ᠴᠤᠸᠠᠨ ᠾᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠳᠤ 2024 ᠣᠨ ᠤ 2 ᠳ᠋ᠤᠭᠠᠷ ᠰᠠᠷ᠎ᠠ ᠶᠢᠨ ᠬᠤᠲᠠ ᠪᠠᠯᠭᠠᠰᠤᠨ ᠤ ᠣᠨᠴᠠ ᠬᠦᠴᠢᠷᠳᠡᠯᠲᠡᠶ ᠬᠥᠮᠥᠰ ᠢ ᠲᠥᠪᠯᠡᠷᠡᠭᠦᠯᠦᠨ ᠠᠰᠠᠷᠠᠨ ᠰᠤᠪᠢᠯᠠᠬᠤ ᠨᠥᠬᠦᠪᠦᠷᠢ ᠮᠥᠩᠭᠦ ᠶᠢ ᠪᠠᠭᠤᠯᠭᠠᠬᠤ ᠪᠠᠷ ᠲᠣᠭᠲᠠᠪᠠ᠂ ᠮᠠᠭᠠᠳᠯᠠᠨ ᠲᠣᠭᠲᠠᠭᠠᠵᠤ ᠬᠢᠨᠠᠨ ᠬᠠᠷᠭᠤᠭᠤᠯᠬᠤ ᠪᠠᠷ ᠳᠡᠮᠵᠢᠨ 2024 ᠣᠨ ᠤ 2 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠴᠢᠳᠠᠪᠤᠷᠢ ᠪᠠᠨ ᠪᠦᠷᠢᠨ ᠠᠯᠳᠠᠭᠰᠠᠨ 1 ᠬᠥᠮᠥᠨ᠂ ᠴᠢᠳᠠᠪᠤᠷᠢ ᠪᠠᠨ ᠬᠠᠭᠠᠰ ᠠᠯᠳᠠᠭᠰᠠᠨ 0 ᠬᠥᠮᠥᠨ᠃ 2024 ᠣᠨ ᠤ 2 ᠳ᠋ᠤᠭᠠᠷ ᠰᠠᠷ᠎ᠠ ᠳᠤ ᠬᠤᠲᠠ ᠪᠠᠯᠭᠠᠰᠤᠨ ᠤ ᠲᠥᠪᠯᠡᠷᠡᠭᠦᠯᠦᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠴᠢᠳᠠᠪᠤᠷᠢ ᠪᠠᠨ ᠠᠯᠳᠠᠭᠰᠠᠨ ᠨᠡᠶᠢᠲᠡ 1 ᠬᠥᠮᠦᠨ ᠪᠠᠶᠢᠵᠤ᠂ ᠠᠰᠠᠷᠠᠨ ᠰᠤᠪᠢᠯᠠᠬᠤ ᠨᠥᠬᠦᠪᠦᠷᠢ ᠮᠥᠩᠭᠦ ᠨᠡᠶᠢᠲᠡ 1265 ᠲᠥᠭᠦᠷᠢᠭ᠂ ᠠᠯᠢ ᠲᠦᠷᠭᠡᠨ ᠢᠶᠠᠷ ᠲᠦᠭᠡᠭᠡᠵᠦ ᠳᠠᠭᠤᠰᠬᠠᠭᠠᠷᠠᠢ᠃                                      ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ                                         2023 ᠣᠨ ᠤ 12 ᠰᠠᠷ᠎ᠠ ᠶᠢᠨ 27 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号