ᠪᠦᠭᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠵᠠᠷᠤᠯᠭ᠎ᠠ 81.93% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2024/1/15
     2023 ᠣᠨ ᠳᠤ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠵᠤ᠂ ᠰᠢᠨᠵᠢᠯᠡᠬᠦ  ᠤᠬᠠᠭᠠᠨ  ᠲᠸᠭᠨᠢᠭ   ᠮᠡᠷᠭᠡᠵᠢᠯ   ᠳᠠᠬᠢ  ᠡᠳ᠋   ᠤᠨ ᠵᠠᠰᠠᠭ ᠤᠨ ᠪᠡᠯᠡ ᠤᠷᠤᠭᠤᠯᠤᠯᠳᠡ ᠪᠠᠨ ᠨᠡᠮᠡᠭᠳᠡᠭᠦᠯᠵᠦ᠂ ᠪᠦᠭᠦ ᠣᠷᠣᠨ ᠤ ᠡᠳ᠋ ᠤᠨ ᠵᠠᠰᠠᠭ ᠤᠨ  ᠰᠢᠨᠵᠢᠯᠡᠬᠦ  ᠤᠬᠠᠭᠠᠨ  ᠲᠸᠭᠨᠢᠭ  ᠮᠡᠷᠭᠡᠵᠢᠯ ᠳᠠᠬᠢ ᠵᠠᠷᠤᠯᠭ᠎ᠠ 78.2 ᠳ᠋ᠦᠡᠭᠰᠢᠭᠤᠷ ᠲᠥᠭᠦᠷᠢᠭ ᠲᠤ ᠬᠦᠷᠴᠦ᠂ 2022 ᠣᠨ ᠤ ᠠᠳᠠᠯᠢ ᠬᠤᠭᠤᠴᠠᠭᠠᠨ ᠤ ᠬᠢ ᠠᠴᠠ 81.93% ᠪᠠᠷ ᠨᠡᠮᠡᠭᠳᠡᠪᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠵᠠᠷᠤᠯᠭ᠎ᠠ 21.35 ᠳ᠋ᠦᠡᠭᠰᠢᠭᠤᠷ ᠲᠥᠭᠦᠷᠢᠭ ᠪᠠᠶᠢᠵᠤ᠂ ᠠᠶᠢᠮᠠᠭ ᠬᠤᠳᠠ ᠶᠢᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠵᠠᠷᠤᠯᠭ᠎ᠠ 56.85 ᠳ᠋ᠦᠡᠭᠰᠢᠭᠤᠷ ᠲᠥᠭᠦᠷᠢᠭ ᠪᠠᠶᠢᠵᠤ᠂ ᠲᠤᠰ ᠲᠤᠰ 2022 ᠣᠨ ᠤ ᠠᠳᠠᠯᠢ ᠬᠤᠭᠤᠴᠠᠭᠠᠨ ᠤ   ᠬᠢ ᠠᠴᠠ 163.43%  ᠪᠠ  62.99% ᠪᠠᠷ ᠨᠡᠮᠡᠭᠳᠡᠪᠡ᠃      2023 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 21.2 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠᠭᠤᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠤᠨ ᠪᠣᠭᠤᠮᠲᠠ ᠰᠢᠪᠲᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠳᠠ ᠵᠡᠷᠭᠡ ᠶᠢ ᠭᠤᠣᠯᠳᠠᠯᠭ᠎ᠠ ᠲᠠᠢ ᠳᠡᠮᠵᠢᠪᠡ᠃ ᠡᠭᠦᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠠᠴᠠ ᠣᠷᠣᠨ ᠨᠤᠲᠤᠭ   ᠢ ᠬᠥᠲᠥᠯᠥᠨ ᠵᠢᠯᠤᠭᠤᠳᠴᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠬᠥᠭᠵᠢᠭᠦᠯᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠪᠡᠯᠡ ᠮᠥᠩᠭᠦ ᠶᠢᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠰᠢᠨ᠎ᠡ ᠶᠢ ᠡᠭᠦᠳᠬᠦ ᠲᠠᠪᠴᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢ ᠰᠢᠭᠤᠳ ᠪᠠᠭᠤᠯᠭᠠᠬᠤ ᠵᠡᠷᠭᠡ ᠪᠡᠯᠡ ᠮᠥᠩᠭᠦ ᠶᠢ ᠪᠠᠭᠤᠯᠭᠠᠬᠤ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠵᠢᠷᠤᠮᠵᠢᠭᠤᠯᠪᠠ᠃      ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠵᠠᠷᠤᠯᠭ᠎ᠠ 188.9 ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠳᠤ 32.4 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2023 ᠣᠨ ᠳᠤ 78.2 ᠳ᠋ᠦᠩᠰᠢᠭᠤᠷ ᠲᠥᠭᠦᠷᠢᠭ ᠪᠣᠯᠣᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 47% ᠨᠡᠮᠡᠭᠳᠡᠵᠡᠢ᠃  ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠳᠠᠬᠢ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号