ᠭᠦᠭᠡᠬᠤᠲᠠ ᠡᠨᠡ ᠵᠢᠯ 5 ᠲᠦᠮᠡᠨ ᠣᠶᠤᠲᠠᠳ ᠤᠨ ᠠᠵᠢᠯ ᠣᠯᠭᠤᠵᠤ ᠦᠢᠯᠡᠰ ᠪᠣᠰᠬᠠᠬᠤ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2024/1/15
     ᠲᠦᠷᠦᠭᠦᠬᠡᠨ᠂ ᠭᠦᠭᠡᠬᠤᠲᠠ ᠶᠢᠨ ᠵᠠᠰᠠᠭ ᠤᠨ ᠣᠷᠳᠣᠨ ︽2024 ᠣᠨ ᠤ ︿ᠲᠠᠪᠤᠨ ᠲᠦᠮᠡᠨ ᠣᠶᠤᠲᠠᠨ ᠢ ᠭᠦᠭᠡᠬᠤᠲᠠ ᠳᠤ ᠦᠯᠡᠳᠡᠭᠡᠬᠦ﹀ ᠲᠤᠰᠬᠠᠢ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠵᠡᠷᠭᠡ ᠲᠠᠯ᠎ᠠ ᠠᠴᠠ ᠨᠠᠷᠢᠯᠢᠭ ᠣᠨᠣᠴᠠᠲᠠᠢ ᠪᠠᠷ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠪᠦᠭᠦ ᠵᠢᠯ ᠳᠤ 5 ᠲᠦᠮᠡᠨ ᠣᠶᠤᠲᠠᠳ ᠤᠨ ᠭᠦᠭᠡᠬᠤᠲᠠ ᠳᠤ ᠢᠷᠡᠵᠦ ᠠᠵᠢᠯ ᠣᠯᠵᠤ ᠦᠢᠯᠡᠰ ᠪᠣᠰᠬᠠᠬᠤ ᠶᠢ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠪᠠ᠃      ᠳᠤᠰ ᠲᠥᠰᠥᠯ ᠨᠢ ᠠᠵᠢᠯ ᠣᠯᠭᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠣᠶᠤᠲᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠠᠵᠢᠯ ᠤᠨ ᠪᠠᠶᠢᠷᠢ᠂ ᠤᠷ᠎ᠠ ᠴᠢᠳᠠᠪᠤᠷᠢ ᠶᠢᠨ ᠳᠡᠭᠡᠭᠰᠢᠯᠡᠯᠲᠡ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠣᠷᠣᠨ ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠠᠴᠠ ᠭᠠᠷᠳᠠᠵᠤ᠂ 8 ᠲᠦᠷᠦᠯ ᠤᠨ ᠠᠵᠢᠯᠯᠠᠭ᠎ᠠ᠂ 22 ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      2024 ᠣᠨ ᠳᠤ᠂ ᠭᠦᠭᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠵᠤ ᠦᠢᠯᠡᠰ ᠤᠨ ᠲᠥᠪᠯᠡᠷᠡᠯ ᠢ ᠦᠷᠭᠦᠯᠵᠢᠯᠡᠨ ᠠᠳᠬᠤᠵᠤ᠂ 1100 ᠭᠠᠷᠤᠢ ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠶᠢ ᠭᠦᠢᠴᠡᠳ ᠪᠠᠳᠠᠷᠠᠭᠤᠯᠤᠨ᠎ᠠ᠃  ᠴᠢᠨᠠᠷ ᠰᠠᠶᠢᠲᠠᠢ ᠠᠵᠢᠯ ᠤᠨ ᠪᠠᠶᠢᠷᠢ ᠶᠢ ᠡᠭᠦᠳᠬᠦ ᠲᠠᠯ᠎ᠠ ᠪᠠᠷ᠂ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ᠠᠵᠢᠯᠯᠠᠭ᠎ᠠ ᠶᠢ ᠬᠡᠷᠡᠭᠵᠢᠭᠦᠯᠵᠦ᠂ ᠪᠡᠯᠡ ᠣᠷᠣᠭᠤᠯᠬᠤ ᠦᠢᠯᠡᠳᠬᠦ ᠦᠢᠯᠡᠰ ᠤᠨ ᠲᠥᠷᠥᠯ ᠵᠦᠢᠯ ᠢ 70 ᠠᠴᠠ ᠳᠡᠭᠡᠭᠰᠢ ᠲᠡᠳᠡᠨ ᠣᠷᠣᠭᠤᠯᠵᠤ᠂ ︽ᠲᠤᠰᠬᠠᠢ ᠨᠠᠷᠢᠯᠢᠭ ᠣᠨᠴᠠ ᠰᠢᠨ᠎ᠡ︾᠂ ︽ᠰᠢᠨ᠎ᠡ ᠶᠢ ᠡᠭᠦᠳᠬᠦ ᠭᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ ᠰᠢᠨ᠎ᠡ ᠪᠠᠷ 40 ᠭᠠᠷᠤᠢ ᠨᠡᠮᠡᠭᠳᠡᠭᠦᠯᠵᠦ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ 30 ᠭᠠᠷᠤᠢ ᠪᠦᠲᠦᠭᠡᠨ ᠪᠠᠶᠢᠭᠤᠯᠵᠤ᠂  4.8 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃      ᠲᠥᠰᠥᠯ ᠳᠤ᠂ 2024 ᠣᠨ ᠳᠤ ᠲᠥᠪᠯᠡᠷᠡᠭᠦᠯᠦᠨ ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠢᠵᠢ ᠪᠦᠷᠢᠳᠦᠭᠦᠯᠦᠨ ᠪᠠᠶᠢᠭᠤᠯᠬᠤ ᠪᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ 2000 ᠢᠵᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 3000 ᠢᠵᠢ ᠴᠤᠭᠯᠠᠭᠤᠯᠤᠨ ᠪᠠᠶᠢᠭᠤᠯᠤᠨ᠎ᠠ ᠭᠡᠵᠦ ᠲᠣᠭᠲᠠᠭᠠᠵᠠᠢ᠃ ᠭᠦᠭᠡᠬᠤᠲᠠ ᠳᠤ ᠭᠡᠷ ᠪᠠᠶᠢᠰᠢᠩ ᠦᠭᠡᠢ ᠵᠠᠯᠠᠭᠤᠴᠤᠳ᠂ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠪᠠᠷ ᠭᠤᠶᠤᠴᠢᠯᠠᠪᠠᠯ᠂ ᠲᠦᠷᠢᠶᠡᠰᠦᠨ ᠮᠥᠩᠭᠦ ᠶᠢ ᠨᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠭᠦᠯᠬᠦ ᠦᠭᠡᠢ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠨᠠᠬᠤ ᠶᠣᠰᠣᠲᠠᠢ ᠶᠢ ᠨᠢ ᠪᠦᠭᠦᠨ ᠢ ᠬᠢᠨᠠᠬᠤ᠂ ᠣᠯᠭᠤᠬᠤ ᠶᠣᠰᠣᠲᠠᠢ ᠶᠢ ᠨᠢ ᠪᠦᠭᠦᠨ ᠢ ᠣᠯᠭᠤᠬᠤ᠂ ᠡᠳ᠋ᠯᠡᠬᠦ ᠶᠣᠰᠣᠲᠠᠢ ᠶᠢ ᠨᠢ ᠪᠦᠭᠦᠨ ᠢ ᠡᠳ᠋ᠯᠡᠭᠦᠯᠭᠦ ᠶᠢ ᠪᠡᠶᠡᠯᠡᠭᠦᠯᠦᠨ᠎ᠡ᠃ ᠡᠭᠦᠨ ᠠᠴᠠ ᠭᠠᠳᠠᠨ᠎ᠠ᠂ ᠲᠥᠰᠥᠯ ᠳᠤ ᠪᠠᠰᠠ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠤ ᠪᠠᠶᠢᠷᠢ᠂ ᠴᠢᠳᠠᠪᠤᠷᠢᠲᠠᠨ ᠤ ᠨᠠᠶᠢᠲᠠ ᠶᠢᠨ ᠪᠠᠶᠢᠷᠢ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号