ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠣᠨᠢᠨ ᠮᠡᠳᠡᠭᠡᠨ ᠤ ᠥᠭᠦᠯᠡᠭᠴᠢ ᠱᠣ᠋ ᠵᠢᠤᠸᠠᠢ ᠲᠢᠩ 11 ᠤ | ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠮᠠᠨ ᠤ ᠤᠯᠤᠰ 11 ᠵᠢᠯ ᠳᠠᠷᠠᠭᠠᠯᠠᠨ ᠪᠦᠭᠦ ᠪᠥᠮᠪᠥᠷᠴᠡᠭ ᠤᠨ | ᠬᠠᠮᠤᠭ ᠤᠨ ᠲᠣᠮᠣ ᠰᠦᠯᠵᠢᠶᠡᠨ ᠤ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠣᠯᠵᠠᠢ ᠭᠡᠵᠦ ᠬᠡᠯᠡᠪᠡ᠃ | ᠡᠨᠡ ᠵᠢᠯ ᠤᠨ 1 ᠰᠠᠷ᠎ᠠ ᠶᠢᠨ 1 ᠤ ᠡᠳᠦᠷ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠪᠠ᠃ ᠱᠣ᠋ | ᠵᠢᠤᠸᠠᠢ ᠲᠢᠩ᠂ 2019 ᠣᠨ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠭᠠᠰᠢ᠂ ᠮᠠᠨ ᠤ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠲᠠᠰᠤᠷᠠᠯᠲᠠ ᠦᠭᠡᠢ ᠰᠢᠯᠢᠳᠡᠭᠵᠢᠵᠦ᠂ | ᠡᠯᠧᠺᠲᠷᠣᠨ ᠬᠤᠳᠠᠯᠳᠤᠭᠠᠨ ᠤ ᠶᠠᠪᠤᠳᠠᠯ ᠨᠢ ᠨᠢᠭᠡᠨᠲᠡ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ | ᠬᠡᠪᠴᠢᠶ᠎ᠡ ᠪᠠᠷ ᠬᠠᠮᠤᠭ ᠤᠨ ᠶᠡᠭᠡ᠂ ᠬᠠᠮᠤᠷᠬᠤ ᠬᠡᠪᠴᠢᠶ᠎ᠡ ᠪᠠᠷ ᠬᠠᠮᠤᠭ ᠤᠨ ᠥᠷᠭᠡᠨ᠂ ᠦᠢᠯᠡᠰ ᠪᠣᠰᠬᠠᠵᠤ ᠰᠢᠨ᠎ᠡ ᠶᠢ | ᠡᠭᠦᠳᠬᠦ ᠬᠠᠮᠤᠭ ᠤᠨ ᠬᠥᠭᠵᠢᠶᠡᠨᠲᠡᠢ ᠴᠢᠬᠤᠯᠠ ᠪᠦᠷᠢᠯᠳᠦᠭᠦᠨ ᠬᠡᠰᠡᠭ ᠪᠣᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠳᠤ ᠦᠢᠯᠡᠴᠢᠯᠡᠬᠦ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠡᠢ᠃ | ᠨᠢᠭᠡ ᠳᠤ᠂ ᠬᠡᠪᠴᠢᠶᠡᠵᠢᠯ ᠤᠨ ᠦᠷ᠎ᠡ ᠠᠰᠢᠭ ᠢᠯᠡᠳᠲᠡ ᠳᠡᠭᠡᠭᠰᠢᠯᠡᠪᠡ᠃ ᠮᠠᠨ ᠤ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠶᠡᠷᠦᠩᠬᠡᠢ ᠲᠤᠭ᠎ᠠ 2018 ᠣᠨ ᠳᠤ 31.63 ᠲᠦᠮᠡᠨ | ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2022 ᠣᠨ ᠳᠤ 43.83 ᠲᠦᠮᠡᠨ ᠳ᠋ᠦᠩᠰᠢᠭᠤᠷ ᠲᠥᠭᠦᠷᠢᠭ | ᠪᠣᠯᠣᠨ ᠨᠡᠮᠡᠭᠳᠡᠵᠦ᠂ ᠪᠣᠳᠠᠲᠤ ᠲᠠᠸᠠᠷ ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠶᠢᠭᠡᠮ | ᠤᠨ ᠪᠣᠷᠣᠯᠠᠭᠤᠯᠬᠤ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠳᠠᠬᠢ ᠡᠵᠡᠯᠡᠬᠦ ᠬᠤᠪᠢ ᠶᠢᠨ ᠵᠢᠩ ᠨᠢ | ᠳᠥᠷᠪᠡᠨ ᠤ ᠨᠢᠭᠡ ᠶᠢ ᠳᠠᠪᠠᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠨᠢ ᠲᠣᠭᠠᠴᠢᠯᠠᠯᠳᠠ ᠲᠡᠶᠢᠰᠢ | ᠭᠡᠯᠪᠡᠷᠢ ᠪᠠᠨ ᠬᠤᠪᠢᠷᠠᠭᠤᠯᠬᠤ ᠰᠢᠨ᠎ᠡ ᠬᠥᠳᠡᠯᠭᠡᠭᠦᠷ ᠪᠣᠯᠵᠤ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠨᠢᠭᠡ ᠪᠦᠯᠦᠭ ᠠᠷᠠᠯᠵᠢᠶᠠᠨ ᠤ ᠲᠤᠭ᠎ᠠ ᠨᠢ ᠮᠢᠩᠭᠠᠨ ᠳ᠋ᠦᠩᠰᠢᠭᠤᠷ ᠢ ᠳᠠᠪᠠᠭᠰᠠᠨ B2B | ᠲᠠᠪᠴᠠᠩ ᠢᠯᠡᠷᠡᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠭᠦ ᠰᠠᠭᠤᠷᠢᠨ ᠨᠢ | ᠬᠤᠪᠴᠠᠰᠤ ᠬᠤᠨᠠᠷ᠂ ᠭᠡᠷ ᠤᠨ ᠬᠡᠷᠡᠭᠰᠡᠯ ᠵᠡᠷᠭᠡ 30 ᠭᠠᠷᠤᠢ ᠣᠨᠴᠠᠯᠢᠭᠲᠤ ᠲᠣᠭᠠᠴᠢᠯᠠᠭᠰᠠᠨ ᠠᠵᠤ ᠦᠢᠯᠡᠰ ᠤᠨ | ᠪᠦᠰᠡ ᠶᠢ ᠳᠠᠶᠢᠴᠢᠯᠠᠨ ᠪᠦᠷᠢᠯᠳᠦᠭᠦᠯᠵᠡᠢ᠃ ᠲᠠᠪᠤᠨ ᠵᠢᠯ ᠤᠨ ᠲᠤᠷᠰᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠠᠵᠢᠯ ᠡᠷᠬᠢᠯᠡᠭᠰᠡᠳ ᠤᠨ ᠲᠤᠭ᠎ᠠ 4700 ᠲᠦᠮᠡ ᠪᠠᠶᠢᠭᠰᠠᠨ ᠠᠴᠠ ᠪᠠᠨ ᠨᠡᠮᠡᠭᠳᠡᠭᠡᠳ 7000 ᠲᠦᠮᠡ ᠶᠢ | ᠳᠠᠪᠠᠪᠠ᠃ | ᠬᠤᠶᠠᠷ ᠲᠤ᠂ ᠤᠯᠠᠨ ᠤᠯᠤᠰ ᠤᠨ ᠬᠠᠮᠲᠤᠷᠠᠯᠴᠠᠭ᠎ᠠ ᠠᠯᠬᠤᠮ ᠠᠯᠬᠤᠮ ᠢᠶᠠᠷ ᠭᠦᠨᠵᠡᠭᠡᠶᠢᠷᠡᠪᠡ᠃ ︽ᠲᠣᠷᠭᠠᠨ | ᠵᠠᠮ ᠤᠨ ᠡᠯᠧᠺᠲᠷᠣᠨ ᠬᠤᠳᠠᠯᠳᠤᠭ᠎ᠠ︾ ᠶᠢᠨ ᠬᠠᠨᠢᠲᠠᠨ ᠤᠯᠤᠰ 30 ᠪᠣᠯᠣᠨ ᠥᠷᠭᠡᠵᠢᠵᠦ᠂ ᠡᠭᠦᠯᠡᠨ ᠶᠠᠷᠢᠶᠠᠨ ᠤ | ᠲᠠᠩᠬᠢᠮ 80 ᠭᠠᠷᠤᠢ ᠤᠯᠤᠰ ᠲᠤ ᠠᠰᠢᠭ ᠬᠦᠷᠲᠡᠭᠡᠪᠡ᠃ ᠱᠠᠩᠬᠠᠢ ᠳᠤ ︽ᠲᠣᠷᠭᠠᠨ ᠵᠠᠮ ᠤᠨ ᠡᠯᠧᠺᠲᠷᠣᠨ | ᠬᠤᠳᠠᠯᠳᠤᠭ᠎ᠠ︾ ᠶᠢᠨ ᠬᠠᠮᠲᠤᠷᠠᠯᠴᠠᠭᠠᠨ ᠤ ᠬᠤᠰᠢᠭᠤᠴᠢ ᠣᠷᠣᠨ ᠢ ᠡᠭᠦᠳᠦᠨ ᠪᠠᠶᠢᠭᠤᠯᠵᠤ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠭᠠᠳᠠᠭᠠᠳᠤ ᠨᠡᠭᠡᠭᠡᠯᠲᠡ ᠶᠢ ᠥᠷᠭᠡᠳᠬᠡᠨ᠂ ᠲᠣᠭᠠᠴᠢᠯᠠᠭᠰᠠᠨ ᠠᠵᠤ | ᠠᠬᠤᠢ ᠶᠢᠨ ᠣᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ ᠥᠨᠳᠦᠷᠯᠢᠭ ᠢ ᠪᠠᠶᠢᠭᠤᠯᠪᠠ᠃ ᠮᠠᠨ ᠤ ᠤᠯᠤᠰ ᠤᠨ | ᠨᠢᠭᠡᠨᠲᠡ ᠭᠠᠷ ᠤᠨ ᠦᠰᠦᠭ ᠵᠢᠷᠤᠭᠰᠠᠨ 22 ᠴᠢᠯᠦᠭᠡᠲᠦ ᠠᠷᠠᠯᠵᠢᠶᠠᠨ ᠤ ᠬᠡᠯᠡᠯᠴᠡᠭᠡᠷ ᠲᠤ 13 ᠨᠢ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠠᠭᠤᠯᠭ᠎ᠠ ᠶᠢ ᠪᠠᠭᠲᠠᠭᠠᠵᠠᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠪᠣᠯᠣᠨ ᠢᠨᠲ᠋ᠧᠷ ᠰᠦᠯᠵᠢᠶᠡᠨ ᠤ ᠬᠠᠤᠯᠢ | ᠴᠠᠭᠠᠵᠠ ᠶᠢ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ ᠶᠢᠨ ᠬᠡᠷᠡᠭ ᠤᠨ ᠵᠢᠱᠢᠶ᠎ᠡ ᠶᠢᠨ ᠬᠥᠮᠥᠷᠭᠡ ᠶᠢᠨ | ᠳᠤᠮᠳᠠᠳᠤ ᠤᠯᠤᠰ ᠤᠨ ᠦᠢᠯᠡᠳᠦᠯᠭᠡ ᠳᠤ ᠣᠷᠣᠭᠤᠯᠪᠠ᠃ | ᠭᠤᠷᠪᠠ ᠳᠤ᠂ ᠳᠦᠷᠢᠮ ᠤᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠬᠤᠳᠠᠯᠳᠤᠭᠠᠨ ᠤ ᠶᠠᠪᠤᠳᠠᠯ ᠤᠨ | ᠶᠠᠮᠤᠨ ᠵᠡᠷᠭᠡ ᠰᠠᠯᠠᠭ᠎ᠠ ᠮᠥᠴᠢᠷ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠠᠤᠯᠢ︾ ᠪᠠᠷ ᠰᠠᠭᠤᠷᠢ ᠪᠤᠯᠭᠠᠵᠤ᠂ ᠤᠤᠯ ᠤᠨ ᠬᠠᠤᠯᠢ ᠲᠣᠭᠲᠠᠭᠠᠭᠰᠠᠨ ᠪᠠ | ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ | ᠵᠡᠷᠭᠡ ᠬᠦᠷᠢᠶ᠎ᠡ ᠴᠠᠷᠠᠭ᠎ᠠ ᠠᠴᠠ ᠬᠠᠮᠵᠢᠯᠴᠠᠨ ᠬᠦᠴᠦᠯᠡᠵᠦ᠂ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ᠂ | ︽ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠲᠠᠩᠰᠠ | ᠡᠪᠬᠡᠮᠡᠯ ᠢ ᠦᠨᠡᠯᠡᠬᠦ ᠵᠢᠷᠤᠮᠵᠢᠯ︾᠂ ︽ᠰᠢᠭᠤᠳ ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠲᠠᠪᠴᠠᠩ ᠤᠨ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠵᠢᠷᠤᠮᠵᠢᠯ︾ ᠵᠡᠷᠭᠡ ᠠᠵᠢᠯ ᠲᠥᠷᠥᠯ ᠤᠨ ᠪᠠᠷᠢᠮᠵᠢᠶ᠎ᠠ ᠶᠢ | ᠨᠡᠶᠢᠲᠡᠯᠡᠵᠦ᠂ ᠠᠵᠢᠯ ᠲᠥᠷᠥᠯ ᠤᠨ ᠵᠢᠷᠤᠮᠵᠢᠭᠤᠨ ᠡᠷᠡᠭᠦᠯ ᠢᠶᠠᠷ ᠬᠥᠭᠵᠢᠬᠦ ᠶᠢ ᠬᠦᠴᠦᠯᠡᠨ ᠬᠥᠲᠥᠯᠥᠨ ᠵᠢᠯᠣᠭᠤᠳᠴᠠᠢ | ᠃ | | | |