ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ | | | ᠲᠠᠸᠠᠷ ᠬᠡᠳᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ | ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ | ﹇2022﹈ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠣᠷᠣᠨ ᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠪᠡ᠃ | | | ᠨᠢᠭᠡ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠦᠬᠦ ᠬᠡᠯᠬᠢᠶᠡᠨ ᠤ ᠵᠠᠰᠠᠯᠲᠠ ᠶᠢ ᠴᠢᠩᠭᠠᠳᠬᠠᠨ᠎ᠠ | ︵ᠨᠢᠭᠡ︶ ᠪᠣᠭᠤᠳᠠᠯᠯᠠᠵᠤ ᠪᠠᠭᠯᠠᠬᠤ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠰᠢᠨ᠎ᠡ ᠡᠭᠦᠳᠦᠯᠲᠡ ᠶᠢ | ᠴᠢᠩᠭᠠᠳᠬᠠᠨ᠎ᠠ᠃ ᠪᠦᠬᠦ ᠣᠷᠣᠨ ᠤ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ | ᠠᠬᠤᠶᠢᠯᠠᠯ ᠤᠨ ᠠᠵᠢᠯ ᠲᠥᠷᠥᠯ ᠤᠨ ᠳᠣᠲᠣᠭᠠᠳᠤᠬᠢ ᠵᠢᠷᠤᠭ ᠲᠥᠯᠥᠪᠯᠡᠭᠡ ᠨᠢ ᠵᠦᠢ ᠵᠣᠬᠢᠰᠲᠠᠢ᠂ ᠮᠠᠲ᠋ᠧᠷᠢᠶᠠᠯ | ᠬᠡᠷᠡᠭᠯᠡᠬᠦ ᠨᠢ ᠠᠷᠪᠢᠲᠠᠢ᠂ ᠡᠭᠡᠭᠦᠯᠦᠨ ᠬᠤᠷᠢᠶᠠᠬᠤ ᠳᠤ ᠳᠥᠭᠦᠮ᠂ ᠬᠢᠮᠳᠠ ᠲᠣᠬᠢᠯᠢᠭ ᠪᠠᠶᠢᠬᠤ ᠲᠠᠯ᠎ᠠ ᠪᠠᠷ ᠬᠢ ᠵᠢᠱᠢᠶ᠎ᠡ | ᠦᠵᠡᠭᠦᠯᠬᠦ ᠴᠢᠨᠠᠷ ᠪᠠ ᠬᠥᠲᠥᠯᠥᠨ ᠵᠢᠯᠤᠭᠤᠳᠬᠤ ᠴᠢᠨᠠᠷ ᠲᠠᠢ ᠲᠥᠰᠥᠯ ᠢ ᠦᠨᠳᠦᠰᠦᠯᠡᠵᠦ ᠪᠣᠭᠤᠳᠠᠯ ᠪᠠᠭᠯᠠᠭ᠎ᠠ ᠶᠢᠨ | ᠪᠦᠲᠦᠭᠡᠭᠳᠡᠬᠦᠨ ᠦᠢᠯᠡᠳᠪᠦᠷᠢᠯᠡᠬᠦ᠂ ᠪᠣᠭᠤᠳᠠᠯᠯᠠᠵᠤ ᠪᠠᠭᠯᠠᠬᠤ ᠮᠠᠲ᠋ᠧᠷᠢᠶᠠᠯ ᠵᠢᠴᠢ ᠦᠢᠯᠡᠳᠪᠦᠷᠢᠯᠡᠯ ᠤᠨ ᠲᠥᠬᠦᠭᠡᠷᠦᠮᠵᠢ | ᠰᠤᠳᠤᠯᠤᠨ ᠨᠡᠭᠡᠭᠡᠬᠦ ᠶᠢ ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠦᠵᠦᠭᠦᠷ ᠠᠴᠠ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ | ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ ᠢ ᠡᠬᠢ ᠢᠷᠡᠯᠲᠡ ᠠᠴᠠ ᠨᠢ ᠦᠢᠯᠡᠳᠦᠯᠭᠡᠵᠢᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠲᠠᠸᠠᠷ ᠦᠢᠯᠡᠳᠪᠦᠷᠢᠯᠡᠬᠦ ᠭᠤᠭᠴᠣᠭᠠᠨ ᠳᠤ ᠬᠡᠲᠦ ᠪᠣᠭᠤᠳᠠᠯᠯᠠᠵᠤ ᠪᠠᠭᠯᠠᠬᠤ ᠶᠢ ᠰᠡᠷᠭᠡᠶᠢᠯᠡᠨ᠎ᠡ᠃ | ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠤᠬᠠᠭᠤᠯᠤᠨ | ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ ᠬᠡᠲᠦ | ᠪᠣᠭᠤᠳᠠᠯᠯᠠᠵᠤ ᠪᠠᠭᠯᠠᠬᠤ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠲᠠᠸᠠᠷ ᠤᠨ | ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢᠯᠡᠳᠬᠦ ᠪᠠ ᠬᠡᠷᠡᠭᠯᠡᠬᠦ ᠵᠡᠷᠭᠡ ᠲᠠᠯ᠎ᠠ ᠪᠠᠷ ᠬᠢ ᠮᠡᠳᠡᠭᠡ ᠵᠠᠩᠭᠢ ᠶᠢᠨ | ᠲᠡᠮᠳᠡᠭᠯᠡᠯ ᠤᠨ ᠳᠠᠩᠰᠠ ᠡᠪᠬᠡᠮᠡᠯ ᠢ ᠪᠠᠶᠢᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠳᠥᠭᠦᠮ ᠪᠣᠷᠣᠭᠵᠢᠭᠤᠨ ᠪᠥᠭᠡᠳ ᠪᠣᠬᠢᠷᠲᠤᠯ ᠦᠭᠡᠢ ᠪᠣᠭᠤᠳᠠᠯ ᠪᠠᠭᠯᠠᠭ᠎ᠠ ᠶᠢ | ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠪᠠᠷᠢᠮᠵᠢᠶᠠᠵᠢᠭᠤᠯᠤᠯᠲᠠ ᠶᠢᠨ ᠬᠠᠤᠯᠢ ᠶᠢ | ᠴᠢᠩᠭ᠎ᠠ ᠬᠡᠷᠡᠭᠵᠢᠭᠦᠯᠵᠦ᠂ ᠲᠡᠳᠡᠨ ᠤ ᠭᠦᠢᠴᠡᠳᠬᠡᠨ ᠬᠡᠷᠡᠭᠵᠢᠭᠦᠯᠵᠦ ᠪᠠᠶᠢᠭ᠎ᠠ ᠪᠣᠭᠤᠳᠠᠯ ᠪᠠᠭᠯᠠᠭ᠎ᠠ ᠲᠠᠢ ᠬᠤᠯᠪᠣᠭᠳᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ | ᠪᠤᠶᠤ ᠠᠵᠤ ᠠᠬᠤᠶᠢᠯᠠᠯ ᠤᠨ ᠪᠠᠷᠢᠮᠵᠢᠶᠠᠨ ᠤ ᠳ᠋ᠤᠭᠠᠷᠯᠠᠯ ᠪᠠ ᠨᠡᠷᠡᠶᠢᠳᠦᠯ ᠢ ᠨᠢ ᠬᠠᠤᠯᠢ ᠶᠣᠰᠣᠭᠠᠷ ᠢᠯᠡ ᠪᠣᠯᠭᠠᠵᠤ᠂ | ᠱᠠᠭᠠᠷᠳᠠᠯᠭ᠎ᠠ ᠶᠣᠰᠣᠭᠠᠷ ᠢᠯᠡ ᠪᠣᠯᠭᠠᠭᠰᠠᠨ ᠦᠭᠡᠢ ᠪᠤᠶᠤ ᠪᠦᠲᠦᠭᠡᠭᠳᠡᠬᠦᠨ ᠨᠢ ᠪᠠᠷᠢᠮᠵᠢᠶ᠎ᠠ ᠱᠠᠭᠠᠷᠳᠠᠯᠭ᠎ᠠ ᠳᠤ ᠥᠯᠥ | ᠨᠡᠶᠢᠴᠡᠭᠰᠡᠨ ᠠᠵᠤ ᠠᠬᠤᠶᠢᠯᠠᠯ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ ︵ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠳᠠᠬᠢ ᠲᠠᠸᠠᠷ | ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠤᠬᠠᠭᠤᠯᠤᠨ | ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ | ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠪᠠ ᠤᠵᠢᠭ ᠡᠪᠡᠳᠴᠢᠨ ᠵᠡᠷᠭᠡ ᠠᠳᠠᠯᠢ ᠪᠤᠰᠤ ᠠᠬᠤᠢ ᠪᠠᠶᠢᠳᠠᠯ ᠪᠠ | ᠲᠥᠷᠥᠯ ᠬᠡᠯᠪᠡᠷᠢ ᠳᠤ ᠬᠠᠨᠳᠤᠭᠤᠯᠤᠨ ᠪᠣᠳᠠᠲᠠᠢ ᠳᠤ ᠨᠡᠶᠢᠴᠡᠭᠰᠡᠨ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ | ᠪᠠᠷᠢᠮᠵᠢᠶᠠᠨ ᠤ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶ᠎ᠠ ᠶᠢ | ᠰᠢᠯᠢᠳᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠪᠣᠷᠣᠯᠠᠭᠤᠯᠤᠨ ᠬᠤᠳᠠᠯᠳᠤᠬᠤ ᠠᠴᠠ ᠵᠠᠶᠢᠯᠠᠰᠬᠢᠨ᠎ᠡ᠃ | ᠪᠣᠷᠣᠯᠠᠭᠤᠯᠤᠨ ᠬᠤᠳᠠᠯᠳᠤᠬᠤ ᠭᠤᠭᠴᠣᠭᠠᠨ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠦᠢᠯᠡ ᠶᠢ ᠬᠢᠨᠠᠨ | ᠪᠠᠶᠢᠴᠠᠭᠠᠬᠤ ᠪᠠᠨ ᠴᠢᠩᠭᠠᠳᠬᠠᠵᠤ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠬᠠᠤᠯᠢ ᠠᠴᠠ ᠵᠥᠷᠢᠴᠡᠨ | ᠪᠣᠷᠣᠯᠠᠭᠤᠯᠵᠤ ᠬᠤᠳᠠᠯᠳᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠬᠡᠵᠦ ᠲᠣᠷᠭᠠᠨ᠎ᠠ᠃ | ᠲᠠᠸᠠᠷ ᠪᠣᠷᠣᠯᠠᠭᠤᠯᠤᠭᠴᠢ ᠬᠢᠭᠡᠳ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠳᠦ ᠳᠣᠣᠷᠠᠳᠤ | ᠬᠡᠯᠬᠢᠶ᠎ᠡ ᠪᠠᠷ ᠢᠶᠠᠨ ᠬᠠᠮᠵᠢᠯᠴᠠᠨ ᠪᠠᠶᠢᠵᠤ ᠪᠣᠬᠢᠷᠳᠤᠯ ᠦᠭᠡᠢ᠂ ᠳᠥᠭᠦᠮ ᠪᠣᠷᠣᠭᠵᠢᠭᠤᠨ ᠢᠶᠠᠷ ᠪᠣᠭᠤᠳᠠᠯᠯᠠᠵᠤ ᠪᠠᠭᠯᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠨᠢ ᠵᠣᠷᠢᠭᠵᠢᠭᠤᠯᠤᠯ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠵᠡᠩᠨᠡᠭᠴᠢᠳ ᠲᠤ ᠲᠠᠸᠠᠷ ᠬᠡᠲᠦ | ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ | ᠤᠯᠠᠮ ᠨᠢᠭᠡ ᠠᠯᠬᠤᠮ ᠤᠬᠠᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠱᠠᠭᠠᠷᠳᠠᠯᠭ᠎ᠠ | ᠨᠢᠭᠡᠳᠦᠯᠲᠡᠢ ᠪᠠᠶᠢᠬᠤ ᠶᠢ ᠠᠬᠢᠭᠤᠯᠤᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠮᠧᠢ ᠲᠤᠸᠠᠨ ᠵᠡᠷᠭᠡ ᠭᠠᠳᠠᠭᠰᠢ ᠪᠠᠨ | ᠬᠤᠳᠠᠯᠳᠤᠬᠤ ᠲᠠᠪᠴᠠᠩ ᠢ ᠰᠢᠮᠳᠠᠭᠤᠯᠵᠤ ᠪᠠᠶᠢᠭᠠᠳ ᠲᠠᠪᠴᠠᠩ ᠤᠨ ᠳᠦᠷᠢᠮ ᠢᠶᠠᠨ ᠲᠡᠭᠦᠯᠳᠡᠷᠵᠢᠭᠦᠯᠦᠨ᠂ | ︽ᠬᠤᠭᠤᠯᠠᠨ ᠤ ᠰᠠᠪᠠ ᠬᠡᠷᠡᠭᠰᠡᠯ ᠦᠯᠦ ᠬᠡᠷᠡᠭᠰᠡᠬᠦ︾ ᠰᠣᠩᠭᠤᠯᠲᠠ ᠶᠢ ᠲᠣᠬᠢᠷᠠᠭᠤᠯᠤᠨ ᠨᠡᠭᠡᠭᠡᠨ᠎ᠡ᠃ ︵ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ ᠢᠳᠡᠭᠡᠨ ᠤᠮᠳᠠᠭᠠᠨ ᠡᠵᠡᠩᠨᠡᠭᠴᠢᠳ ᠢ | ᠰᠢᠮᠳᠠᠭᠤᠯᠤᠨ ᠵᠢᠯᠤᠭᠤᠳᠴᠤ ᠪᠠᠶᠢᠭᠠᠳ ᠭᠠᠳᠠᠭᠰᠢ ᠪᠠᠨ ᠬᠤᠳᠠᠯᠳᠤᠬᠤ ᠪᠣᠭᠤᠳᠠᠯ ᠪᠠᠭᠯᠠᠭ᠎ᠠ ᠶᠢᠨ ᠲᠦᠷᠦᠯ | ᠬᠡᠯᠪᠡᠷᠢ ᠶᠢ ᠨᠢ ᠲᠣᠳᠣᠷᠬᠠᠢ ᠲᠣᠭᠲᠠᠭᠠᠯᠭᠠᠬᠤ ᠶᠢᠨ ᠬᠠᠮᠲᠤ ᠬᠠᠤᠯᠢ ᠶᠣᠰᠣᠭᠠᠷ ᠦᠨ᠎ᠡ ᠬᠠᠩᠰᠢ ᠶᠢ ᠨᠢ ᠢᠯᠡ | ᠬᠠᠳᠠᠭᠤᠯᠤᠨᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠲᠠᠸᠠᠷ ᠢ ᠲᠤᠰᠢᠶᠠᠨ ᠥᠭᠬᠦ ᠭᠤᠭᠴᠣᠭᠠᠨ ᠳᠠᠬᠢ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ | ᠪᠠᠭᠠᠰᠬᠠᠬᠤ ᠪᠠᠨ ᠠᠬᠢᠭᠤᠯᠤᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ | ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠨᠢ ᠪᠠᠶᠢᠭᠤᠯᠤᠨ ᠪᠦᠷᠢᠨᠰᠢᠭᠦᠯᠵᠦ᠂ | ᠠᠵᠢᠯ ᠡᠷᠬᠢᠯᠡᠭᠰᠡᠳ ᠲᠤ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ ᠪᠠᠨ | ᠴᠢᠩᠭᠠᠳᠬᠠᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠰᠢᠤᠳᠠᠨ ᠤ ᠵᠦᠢᠯ ᠲᠦᠷᠭᠡᠨ ᠢᠯᠡᠭᠡᠯᠲᠡ ᠶᠢᠨ | ᠵᠦᠢᠯ ᠤᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠪᠦᠷᠢᠳᠬᠡᠨ ᠳᠠᠩᠰᠠᠯᠠᠵᠣ ᠬᠠᠮᠢᠶᠠᠷᠬᠤ ᠠᠵᠢᠯ ᠢ | ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ | ᠬᠤᠷᠢᠶᠠᠬᠤ ᠳᠤ ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠬᠡᠷᠡᠭᠯᠡᠬᠦ ᠶᠢ ᠨᠢ | ᠵᠣᠷᠢᠭᠵᠢᠭᠤᠯᠵᠤ᠂ ᠬᠦᠨᠳᠦᠴᠡ ᠪᠠᠭᠠᠲᠠᠢ ᠳᠠᠭᠠᠭᠠᠴᠠ ᠶᠡᠬᠡᠲᠡᠢ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭᠠᠲᠤ | ᠴᠠᠭᠠᠰᠤᠨ ᠬᠠᠶᠢᠷᠴᠠᠭ᠂ ᠴᠠᠪᠠᠤ ᠦᠭᠡᠢ ᠴᠠᠭᠠᠰᠤᠨ ᠬᠠᠶᠢᠷᠴᠠᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠰᠦᠯᠢᠶᠥᠦ ᠴᠢᠭᠵᠢᠶᠡᠰᠦ ᠶᠢᠨ ᠵᠦᠢᠯ ᠢ ᠬᠡᠷᠡᠭᠯᠡᠬᠦ ᠶᠢ ᠨᠢ ᠪᠠᠭᠠᠰᠬᠠᠨ᠎ᠠ᠃ ︵ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠪᠣᠭᠤᠳᠠᠯ | ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠷᠭᠡᠨ ᠢᠯᠡᠭᠡᠯᠲᠡ ᠶᠢᠨ | ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠠᠬᠢᠭᠤᠯᠤᠨ᠎ᠠ᠃ ︵ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠢᠯᠡᠭᠡᠨ | ᠬᠦᠷᠭᠡᠬᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠭᠡᠷᠡᠴᠢᠯᠡᠭᠡ ᠪᠠᠷ ᠪᠠᠲᠤᠯᠠᠭᠳᠠᠭᠰᠠᠨ | ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠢ ᠤᠷᠢᠳ ᠢᠶᠠᠷ ᠬᠤᠳᠠᠯᠳᠤᠨ ᠠᠪᠴᠤ | ᠬᠡᠷᠡᠭᠯᠡᠭᠦᠯᠦᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯᠧᠺᠲᠷᠣᠨ | ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠢ ᠦᠷᠭᠦᠯᠵᠢᠯᠡᠨ ᠬᠥᠲᠥᠯᠥᠨ ᠵᠢᠯᠤᠭᠤᠳᠴᠤ ᠪᠠᠶᠢᠭᠠᠳ | ᠪᠣᠭᠤᠳᠠᠯᠯᠠᠵᠤ ᠪᠠᠭᠯᠠᠬᠤ ᠭᠤᠭᠴᠣᠭᠠᠨ ᠳᠤ ᠪᠠᠷᠢᠮᠵᠢᠶᠠᠵᠢᠭᠤᠯᠤᠨ ᠠᠵᠢᠯᠯᠠᠭᠤᠯᠵᠤ᠂ ᠬᠤᠪᠠᠨᠴᠢᠷ ᠲᠠᠶᠢᠫ ᠬᠡᠷᠡᠭᠯᠡᠬᠦ ᠶᠢ | ᠪᠠᠭᠠᠰᠬᠠᠵᠤ᠂ ᠬᠠᠭᠠᠷᠠᠵᠤ ᠬᠡᠮᠬᠡᠷᠡᠬᠦ ᠵᠦᠢᠯ ᠠᠴᠠ ᠪᠤᠰᠤᠳ ᠢ ᠳᠠᠬᠢᠵᠤ ᠬᠤᠶᠠᠳᠠᠭᠢ ᠤᠳᠠᠭ᠎ᠠ ᠪᠣᠭᠤᠳᠠᠯᠯᠠᠨ ᠪᠠᠭᠯᠠᠬᠤ | ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠢᠯᠡᠭᠡᠨ ᠬᠦᠷᠭᠡᠬᠦ᠂ ᠦᠢᠯᠡᠳᠪᠦᠷᠢᠯᠡᠬᠦ ᠠᠵᠤ ᠠᠬᠤᠶᠢᠯᠠᠯ | ᠵᠡᠷᠭᠡ ᠶᠢᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ ᠬᠠᠮᠵᠢᠯᠴᠠᠬᠤ ᠶᠢ ᠦᠷᠭᠦᠯᠵᠢᠯᠡᠨ ᠠᠬᠢᠭᠤᠯᠵᠤ᠂ | ᠪᠦᠲᠦᠭᠡᠭᠳᠡᠬᠦᠨ ᠤ ᠪᠣᠭᠤᠳᠠᠯ ᠪᠠᠭᠯᠠᠭ᠎ᠠ᠂ ᠪᠣᠷᠣᠯᠠᠭᠤᠯᠤᠯᠲᠠ ᠶᠢᠨ ᠪᠣᠭᠤᠳᠠᠯ ᠪᠠᠭᠯᠠᠭ᠎ᠠ ᠪᠠ ᠲᠦᠷᠭᠡᠨ ᠢᠯᠡᠭᠡᠯᠲᠡ ᠶᠢᠨ | ᠪᠣᠭᠤᠳᠠᠯ ᠪᠠᠭᠯᠠᠭ᠎ᠠ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠂ ᠡᠯᠧᠺᠲᠷᠣᠨ ᠬᠤᠳᠠᠯᠳᠤᠭᠠᠨ ᠤ ᠲᠦᠷᠭᠡᠨ | ᠢᠯᠡᠭᠡᠯᠲᠡ ᠶᠢᠨ ᠵᠦᠢᠯ ᠢ ᠤᠤᠯ ᠪᠣᠭᠤᠳᠠᠯ ᠪᠠᠭᠯᠠᠭ᠎ᠠ ᠪᠠᠷ ᠨᠢ ᠰᠢᠭᠤᠳ ᠶᠠᠪᠤᠭᠤᠯᠬᠤ᠂ ᠳᠡᠭᠡᠳᠦ ᠬᠡᠯᠬᠢᠶ᠎ᠡ | ᠲᠡᠶᠢᠰᠢ ᠪᠠᠨ ᠤᠷᠢᠳᠠᠴᠢ ᠪᠣᠭᠤᠳᠠᠯᠯᠠᠵᠤ ᠪᠠᠭᠯᠠᠬᠤ ᠦᠢᠯᠡᠴᠢᠯᠡᠭᠡᠨ ᠬᠠᠩᠭᠠᠬᠤ ᠵᠡᠷᠭᠡ ᠠᠷᠭ᠎ᠠ ᠮᠠᠶ᠋ᠢᠭ ᠢ | ᠳᠡᠯᠭᠡᠷᠡᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠬᠢᠭᠡᠳ ᠡᠯᠧᠺᠲᠷᠣᠨ ᠬᠤᠳᠠᠯᠳᠤᠭᠠᠨ ᠤ ᠲᠠᠪᠴᠠᠩ ᠤᠨ | ᠬᠠᠮᠵᠢᠯᠴᠠᠭ᠎ᠠ ᠶᠢ ᠵᠣᠷᠢᠭᠵᠢᠭᠤᠯᠤᠨ᠂ ᠬᠡᠷᠡᠭᠯᠡᠭᠴᠢᠳ ᠲᠤ ᠪᠣᠬᠢᠷᠳᠤᠯ ᠦᠭᠡᠢ ᠪᠣᠭᠤᠳᠠᠯ ᠪᠠᠭᠯᠠᠭᠠᠲᠤ ᠪᠦᠲᠦᠭᠡᠭᠳᠡᠬᠦᠨ ᠤ | ᠰᠣᠩᠭᠤᠯᠲᠠ ᠶᠢ ᠴᠤᠭᠭᠠᠷ ᠬᠠᠩᠭᠠᠬᠤ ᠶᠢᠨ ᠬᠠᠮᠲᠤ᠂ ᠨᠡᠶᠢᠲᠡ ᠬᠤᠪᠢ ᠪᠠᠷ ᠤᠷᠮᠠᠰᠢᠭᠤᠯᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠬᠥᠲᠥᠯᠥᠨ ᠵᠢᠯᠤᠭᠤᠳᠴᠤ ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠥᠪᠥᠷ | ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠶᠢ | ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ | ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠳ ᠢ ᠲᠠᠲᠠᠨ ᠣᠷᠣᠭᠤᠯᠬᠤ ᠶᠢ ᠵᠣᠷᠢᠭᠵᠢᠭᠤᠯᠵᠤ᠂ | ᠬᠤᠲᠠ ᠶᠢᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠵᠤ | ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ | ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠴᠡᠭ ᠤᠨ ᠨᠡᠶᠢᠭᠡᠮ ᠲᠣᠭᠤᠷᠢᠭ ᠲᠤ ᠣᠷᠣᠵᠤ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠤᠳ ᠢ ᠡᠭᠡᠭᠦᠯᠦᠨ ᠬᠤᠷᠢᠶᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ | ᠠᠬᠤᠶᠢᠯᠠᠯ ᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ᠣᠳᠣᠬᠢ ᠪᠠᠶᠢᠳᠠᠯ ᠢ ᠮᠥᠷᠳᠡᠨ | ᠵᠠᠳᠠᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠠᠵᠢᠯ ᠢ ᠠᠬᠢᠭᠤᠯᠤᠨ᠂ | ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠢᠳᠤᠷᠠᠯ ᠤᠨ | ᠬᠤᠭ ᠨᠣᠪᠰᠢ ᠶᠢᠨ ᠡᠬᠢ ᠢᠷᠡᠯᠲᠡ ᠠᠴᠠ ᠨᠢ ᠲᠥᠷᠥᠯ ᠬᠤᠪᠢᠶᠠᠬᠤ ᠯᠤᠭ᠎ᠠ ᠲᠣᠬᠢᠷᠠᠯᠴᠠᠭᠰᠠᠨ ᠲᠥᠷᠥᠯ ᠬᠤᠪᠢᠶᠠᠨ | ᠴᠤᠭᠯᠠᠭᠤᠯᠬᠤ ᠪᠡᠯᠡᠳᠬᠡᠮᠵᠢ ᠪᠠ ᠲᠥᠷᠥᠯ ᠬᠤᠪᠢᠶᠠᠨ ᠵᠥᠭᠡᠭᠡᠪᠦᠷᠢᠯᠡᠬᠦ ᠲᠥᠬᠦᠭᠡᠷᠦᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠤ ᠪᠠᠭᠯᠠᠭᠰᠠᠨ ᠪᠣᠳᠠᠰ ᠢ ᠡᠭᠡᠭᠦᠯᠦᠨ ᠬᠤᠷᠢᠶᠠᠵᠤ ᠴᠡᠪᠡᠷᠯᠡᠨ | ᠵᠥᠭᠡᠭᠡᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ | ︵ᠵᠢᠷᠭᠤᠭ᠎ᠠ︶ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠸᠠᠷ ᠦᠢᠯᠡᠳᠪᠦᠷᠢᠯᠡᠬᠦ᠂ | ᠪᠣᠷᠣᠯᠠᠭᠤᠯᠬᠤ᠂ ᠲᠤᠰᠢᠶᠠᠨ ᠥᠭᠬᠦ ᠵᠡᠷᠭᠡ ᠭᠤᠭᠴᠣᠭᠠᠨ ᠳᠠᠬᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠳᠤ | ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠭᠡᠨ | ᠢᠯᠡᠭᠡᠯᠲᠡ ᠶᠢᠨ ᠡᠯ᠎ᠡ ᠭᠤᠭᠴᠣᠭᠠᠨ ᠳᠠᠬᠢ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭᠠᠢ | ᠪᠣᠳᠠᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠭᠤᠳᠠᠯᠯᠠᠵᠤ ᠪᠠᠭᠯᠠᠬᠤ ᠤᠭᠤᠲᠠ᠂ ᠬᠡᠲᠦ ᠪᠣᠭᠤᠳᠠᠯᠯᠠᠵᠤ ᠪᠠᠭᠯᠠᠬᠤ ᠪᠠ | ᠲᠠᠪᠠ ᠪᠠᠷ ᠪᠣᠭᠤᠳᠠᠯᠯᠠᠵᠤ ᠪᠠᠭᠯᠠᠬᠤ ᠬᠤᠶᠠᠷ ᠲᠤᠰᠬᠠᠢ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ | ᠬᠦᠷᠭᠡᠬᠦ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠵᠥᠪᠯᠡᠯᠴᠡᠭᠡᠷ ᠲᠣᠭᠲᠠᠭᠰᠠᠨ ᠬᠡᠷᠡᠭᠯᠡᠭᠴᠢ ᠳᠤ | ᠥᠪᠡᠰᠦᠪᠡᠨ ᠪᠣᠭᠤᠳᠠᠯ ᠪᠠᠭᠯᠠᠭ᠎ᠠ ᠪᠡᠯᠡᠳᠬᠡᠬᠦ ᠶᠢ ᠪᠢᠴᠢᠭ ᠢᠶᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ | ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠨᠢ ᠪᠠᠭᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ ᠵᠡᠷᠭᠡ | ᠱᠠᠭᠠᠷᠳᠠᠯᠭ᠎ᠠ ᠶᠢ ᠢᠯᠡᠭᠡᠯᠲᠡ ᠶᠢᠨ ᠵᠦᠢᠯ ᠢ ᠬᠦᠯᠢᠶᠡᠨ ᠠᠪᠬᠤ ᠦᠢᠯᠡᠴᠢᠯᠡᠭᠡᠨ ᠤ ᠵᠥᠪᠯᠡᠯᠴᠡᠭᠡᠷ ᠲᠤ ᠪᠠᠨ | ᠣᠷᠤᠭᠤᠯᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ | ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠭᠯᠠᠬᠤ ᠳᠤ ᠠᠮᠠᠷᠬᠠᠨ ᠪᠣᠭᠤᠳᠠᠯ ᠪᠠᠭᠯᠠᠭ᠎ᠠ ᠶᠢ ᠡᠩ | ᠲᠡᠷᠢᠭᠦᠨ ᠳᠤ ᠬᠡᠷᠡᠭᠯᠡᠭᠦᠯᠦᠨ᠂ ᠬᠦᠢᠲᠡᠨ ᠬᠡᠯᠬᠢᠶᠡᠨ ᠳᠤ ᠣᠷᠴᠢᠯᠳᠤᠭᠤᠯᠤᠨ ᠬᠡᠷᠡᠭᠯᠡᠵᠦ ᠪᠣᠯᠬᠤ ᠪᠣᠬᠢᠷᠳᠤᠯ ᠦᠭᠡᠢ | ᠳᠠᠮᠵᠢᠭᠤᠯᠬᠤ ᠬᠠᠶᠢᠷᠴᠠᠭ ᠢ ᠬᠡᠷᠡᠭᠯᠡᠭᠦᠯᠦᠨ᠎ᠡ᠃ ᠤᠯᠤᠰ ᠤᠨ ᠬᠡᠳᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ ᠡᠷᠴᠢᠮ ᠢᠶᠠᠨ | ᠴᠢᠩᠭᠠᠷᠠᠭᠤᠯᠤᠨ᠂ ᠠᠵᠤ ᠠᠬᠤᠶᠢᠯᠠᠯ ᠤᠳ ᠢ ᠪᠣᠭᠤᠳᠠᠯ ᠪᠠᠭᠯᠠᠭ᠎ᠠ ᠶᠢᠨ ᠡᠵᠡᠯᠡᠬᠦᠨ ᠬᠦᠨᠳᠦᠴᠡ ᠶᠢ ᠪᠠᠭᠤᠷᠠᠭᠤᠯᠵᠤ᠂ | ᠪᠣᠭᠤᠳᠠᠯᠯᠠᠵᠤ ᠪᠠᠭᠯᠠᠬᠤ ᠥᠪᠡᠷ ᠤᠨ ᠦᠷᠲᠡᠭ ᠢᠶᠠᠨ ᠠᠷᠪᠢᠯᠠᠭᠤᠯᠬᠤ ᠪᠠᠷ ᠬᠥᠲᠥᠯᠥᠨ ᠵᠢᠯᠤᠭᠤᠳᠴᠤ᠂ ᠤᠯᠤᠰ ᠤᠨ | ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠦᠯᠦ ᠨᠠᠶᠢᠳᠠᠪᠤᠷᠢᠵᠢᠭᠤᠯᠤᠭᠰᠠᠨ | ᠠᠵᠤ ᠠᠬᠤᠶᠢᠯᠠᠯ ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ ᠪᠣᠯᠵᠣᠨ ᠬᠡᠯᠡᠯᠴᠡᠬᠦ ᠵᠡᠷᠭᠡ ᠵᠠᠰᠠᠭ | ᠵᠠᠬᠢᠷᠭᠠᠨ ᠤ ᠵᠢᠯᠤᠭᠤᠳᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ | ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠬᠠᠷᠢᠭᠤᠴᠠᠨ᠎ᠠ︶ | ︵ᠳᠣᠯᠤᠭ᠎ᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠦᠭᠴᠢᠳ ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶᠠᠨ ᠤ ᠪᠣᠯᠪᠠᠰᠤᠷᠠᠯ ᠬᠦᠷᠲᠡᠭᠡᠬᠦ ᠪᠠᠨ ᠴᠢᠩᠭᠠᠷᠠᠭᠤᠯᠵᠤ᠂ ᠬᠠᠤᠯᠢ | ᠬᠡᠷᠡᠭᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠤ ᠪᠠᠭᠯᠠᠭᠰᠠᠨ ᠢ ᠰᠤᠭᠤᠴᠢᠨ ᠪᠠᠶᠢᠴᠠᠭᠠᠵᠤ | ᠰᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢᠯᠡᠳᠪᠦᠷᠢᠯᠡᠨ ᠪᠣᠷᠣᠯᠠᠭᠤᠯᠬᠤ ᠠᠵᠤ | ᠠᠬᠤᠶᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠬᠠᠤᠯᠢ | ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠬᠤᠯᠠ ᠴᠠᠭ ᠤᠯᠠᠷᠢᠯ᠂ | ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢᠯᠡᠳᠪᠦᠷᠢᠯᠡᠨ ᠡᠵᠡᠩᠨᠡᠬᠦ ᠠᠵᠤ | ᠠᠬᠤᠶᠢᠯᠠᠯ ᠤᠳ ᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ ᠡᠷᠡᠭᠦᠯᠵᠢᠯ ᠤᠨ ᠢᠳᠡᠭᠡᠨ ᠤ ᠵᠦᠢᠯᠡᠰ᠂ ᠵᠠᠰᠠᠯ | ᠴᠢᠮᠡᠭᠯᠡᠯ ᠤᠨ ᠡᠳ᠋ ᠵᠡᠷᠭᠡ ᠭᠤᠣᠯ ᠪᠣᠯᠬᠤ ᠲᠠᠸᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠲᠦ ᠪᠣᠭᠤᠳᠠᠯᠯᠠᠵᠤ | ᠪᠠᠭᠯᠠᠭᠰᠠᠨ ᠲᠠᠸᠠᠷ ᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ | ᠬᠡᠷᠡᠭ ᠤᠳ ᠢ ᠭᠦᠨ ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃ ᠬᠤᠨᠤᠭ ᠪᠠᠭᠤᠳᠠᠯ᠂ ᠬᠤᠭᠤᠯᠠᠨ ᠭᠡᠷ ᠵᠡᠷᠭᠡ ᠶᠢᠨ | ᠳᠡᠭᠡᠳᠦ ᠳᠡᠰ ᠤᠨ ᠵᠠᠬᠢᠶᠠᠯᠠᠭᠰᠠᠨ ᠪᠡᠯᠡᠭ ᠰᠡᠯᠲᠡ ᠬᠠᠩᠭᠠᠬᠤ ᠶᠠᠪᠤᠴᠠ ᠳᠠᠬᠢ ᠬᠡᠳᠦ ᠪᠣᠭᠤᠳᠠᠯᠯᠠᠵᠤ ᠪᠠᠭᠯᠠᠬᠤ ᠦᠢᠯᠡ | ᠠᠵᠢᠯᠯᠠᠭ᠎ᠠ ᠵᠢᠴᠢ ᠰᠣᠶᠣᠯ ᠤᠨ ᠡᠭᠦᠳᠦᠨ ᠪᠦᠲᠦᠭᠡᠯᠭᠡ ᠶᠢᠨ ᠨᠡᠷ᠎ᠡ ᠪᠠᠷ ᠲᠠᠸᠠᠷ ᠬᠡᠳᠦ ᠪᠣᠭᠤᠳᠠᠯᠯᠠᠵᠤ ᠪᠠᠭᠯᠠᠬᠤ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠡᠯᠧᠺᠲᠷᠣᠨ ᠬᠤᠳᠠᠯᠳᠤᠭᠠᠨ ᠤ | ᠲᠠᠪᠴᠠᠩᠲᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ᠂ | ᠲᠡᠳᠡᠨ ᠢ ᠰᠢᠮᠳᠠᠭᠤᠯᠵᠤ ᠪᠠᠶᠢᠭᠠᠳ ᠲᠠᠪᠴᠠᠩ ᠳᠠᠬᠢ ᠡᠵᠡᠩᠨᠡᠭᠴᠢ ᠶᠢᠨ ᠭᠤᠣᠯ ᠴᠣᠭᠴᠠᠲᠤ ᠬᠢᠷᠢ ᠬᠡᠮ ᠪᠠ | ᠲᠠᠸᠠᠷ ᠤᠨ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠪᠠᠨ ᠴᠢᠩᠭᠠᠳᠬᠠᠯᠭᠠᠬᠤ ᠶᠢᠨ ᠬᠠᠮᠲᠤ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠢᠳᠡᠪᠬᠢᠲᠡᠢ ᠬᠠᠮᠵᠢᠯᠴᠠᠭᠤᠯᠤᠨ᠎ᠠ᠃ ᠰᠦᠯᠵᠢᠶᠡᠨ ᠳᠠᠬᠢ ᠪᠠ | ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠶᠢ ᠪᠠᠷᠢᠮᠲᠠᠯᠠᠨ᠂ ᠡᠯᠧᠺᠲᠷᠣᠨ | ᠬᠤᠳᠠᠯᠳᠤᠭᠠᠨ ᠤ ᠠᠷᠭ᠎ᠠ ᠵᠠᠮ ᠢᠶᠠᠷ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠬᠤ ᠲᠠᠯ᠎ᠠ ᠪᠠᠷ ᠬᠢ | ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠰᠦᠯᠵᠢᠶᠡᠨ ᠳᠤ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ ᠪᠣᠷᠣᠯᠠᠭᠤᠯᠤᠨ ᠬᠤᠳᠠᠯᠳᠤᠵᠤ ᠪᠠᠶᠢᠭ᠎ᠠ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠬᠡᠷᠡᠭᠯᠡᠭᠴᠢᠳ ᠤᠨ ᠵᠠᠭᠠᠯᠳᠤᠬᠤ ᠵᠠᠮ ᠮᠥᠷ ᠢ ᠰᠢᠯᠤᠭᠤᠳᠬᠠᠨ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ | ᠡᠯ᠎ᠡ ᠲᠥᠷᠥᠯ ᠤᠨ ᠰᠦᠪᠡᠭᠴᠢ ᠶᠢ ᠭᠦᠢᠴᠡᠳ ᠠᠭᠤᠳᠠᠯᠵᠤ᠂ ᠬᠡᠷᠡᠭᠯᠡᠭᠴᠢᠳ ᠤᠨ ᠲᠤᠰᠬᠠᠯ ᠶᠡᠭᠡ ᠪᠠᠶᠢᠭ᠎ᠠ ᠲᠣᠪᠣᠶᠢᠮ᠎ᠠ | ᠠᠰᠠᠭᠤᠳᠠᠯ ᠤᠳ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠪᠣᠭᠤᠳᠠᠯ | ᠪᠠᠭᠯᠠᠭ᠎ᠠ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢ ᠢᠯᠡ ᠪᠠᠷ ᠬᠡᠷᠡᠭᠵᠢᠭᠦᠯᠦᠭᠰᠡᠨ ᠪᠠᠶᠢᠳᠠᠯ ᠳᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠨ᠎ᠠ᠃ ᠴᠠᠭ ᠲᠤ ᠨᠢ ᠲᠣᠬᠢᠷᠠᠭᠤᠯᠵᠤ ᠡᠰᠡᠷᠭᠦ ᠲᠠᠯ᠎ᠠ ᠶᠢᠨ | ᠬᠡᠷᠡᠭ ᠤᠨ ᠵᠢᠱᠢᠶ᠎ᠡ ᠶᠢ ᠨᠡᠶᠢᠭᠡᠮ ᠳᠤ ᠢᠯᠡᠷᠡᠭᠦᠯᠦᠨ ᠨᠡᠶᠢᠲᠡᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ | ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠢ ᠴᠢᠩᠭᠠᠳᠬᠠᠯᠭᠠᠵᠦ᠂ ᠱᠠᠩᠨᠠᠵᠤ ᠵᠠᠯᠬᠠᠭᠠᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ | ᠠᠰᠠᠭᠤᠳᠠᠯ ᠢᠶᠠᠨ ᠴᠡᠭᠴᠡᠯᠡᠨ ᠵᠠᠯᠠᠷᠠᠭᠤᠯᠬᠤ ᠶᠢ ᠰᠢᠮᠳᠠᠭᠤᠯᠵᠤ᠂ ᠲᠡᠷᠢᠭᠦᠨ ᠤ ᠬᠢ ᠶᠢ ᠨᠢ ᠨᠡᠪᠲᠡᠷᠡᠭᠦᠯᠦᠨ | ᠰᠠᠶᠢᠰᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ ᠡᠯ᠎ᠡ ᠠᠶᠢᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠲᠠᠸᠠᠷ ᠬᠡᠲᠦ | ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠵᠦ ᠪᠠᠶᠢᠭ᠎ᠠ ᠠᠵᠢᠯ ᠤᠨ ᠠᠬᠢᠴᠠ ᠳᠤ ᠲᠣᠭᠲᠠᠮᠠᠯ ᠬᠤᠭᠤᠴᠠᠭ᠎ᠠ ᠲᠠᠢ ᠪᠠᠷ | ᠲᠣᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ | ᠨᠡᠶᠢᠭᠡᠮ ᠤᠨ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠠᠷᠢᠭᠤᠴᠠᠨ᠎ᠠ︶ ᠲᠦᠷᠭᠡᠨ | ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠪᠠᠶᠢᠩᠭᠤᠵᠢᠭᠰᠠᠨ | ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠤᠨ᠂ ︽ᠬᠤᠶᠠᠷ ᠢ ᠰᠤᠭᠤᠴᠢᠬᠤ᠂ ᠨᠢᠭᠡ ᠶᠢ ᠢᠯᠡ ᠪᠠᠶᠢᠯᠭᠠᠬᠤ︾ ᠵᠠᠷᠴᠢᠮ | ᠶᠣᠰᠣᠭᠠᠷ᠂ ᠢᠯᠡᠭᠡᠨ ᠬᠦᠷᠭᠡᠬᠦ ᠠᠵᠤ ᠠᠬᠤᠶᠢᠯᠠᠯ ᠪᠦᠭᠦᠨ ᠳᠤ ᠣᠨ ᠤ ᠥᠪᠡᠷ ᠢ ᠪᠠᠨ ᠪᠠᠶᠢᠴᠠᠭᠠᠬᠤ ᠪᠠ ᠰᠤᠭᠤᠴᠢᠨ | ᠪᠠᠶᠢᠴᠠᠭᠠᠬᠤ ᠠᠵᠢᠯ ᠢ ᠬᠠᠮᠤᠷᠠᠭᠤᠯᠤᠨ ᠪᠡᠶᠡᠯᠡᠭᠦᠯᠵᠦ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠳᠤ | ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠪᠠᠶᠢᠴᠠᠭᠠᠨ ᠰᠢᠢᠳᠪᠦᠷᠢᠯᠡᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠤᠯᠭᠠᠭᠤᠷᠢᠯᠠᠵᠤ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵ᠨᠠᠢᠮᠠ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ | ᠠᠵᠢᠯ ᠢ ᠴᠢᠩᠭᠠᠳᠬᠠᠨ᠎ᠠ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠳᠦᠷᠢᠮ ᠤᠨ ᠱᠠᠭᠠᠷᠳᠠᠯᠭ᠎ᠠ ᠶᠣᠰᠣᠭᠠᠷ᠂ ︽ᠪᠥᠭᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ᠪᠥᠬᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ ᠲᠣᠭᠤᠷᠢᠨ ᠢ | ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠦᠨ᠎ᠡ | ᠬᠠᠩᠰᠢ ᠶᠢᠨ ᠬᠠᠤᠯᠢ︾ ︽ᠲᠦᠷᠭᠡᠨ ᠢᠯᠡᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠢᠨ ᠤ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠬᠠᠤᠯᠢ ᠴᠠᠭᠠᠵᠠ ᠶᠢᠨ | ᠤᠬᠠᠮᠰᠠᠷ᠂ ᠨᠡᠶᠢᠭᠡᠮ ᠨᠡᠶᠢᠲᠡ ᠶᠢᠨ ᠬᠢᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠤᠯᠢ ᠴᠠᠭᠠᠵᠠ ᠶᠢᠨ | ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠢᠳᠡᠰᠢᠨ | ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠯᠡᠭᠡᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠢᠳᠡᠭᠡᠨ ᠤ | ᠵᠦᠢᠯ ᠪᠠ ᠵᠠᠰᠠᠯ ᠴᠢᠮᠡᠭᠯᠡᠯ ᠤᠨ ᠡᠳ᠋ ᠵᠡᠷᠭᠡ ᠶᠢᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠨᠡᠪᠲᠡᠷᠬᠡᠢ ᠳᠦᠷᠢᠮ ᠤᠨ | ᠪᠠᠷᠢᠮᠵᠢᠶ᠎ᠠ ᠶᠢ ᠲᠣᠭᠲᠠᠭᠠᠭᠰᠠᠨ ︵ᠵᠠᠰᠠᠪᠤᠷᠢ ᠣᠷᠣᠭᠤᠯᠤᠭᠰᠠᠨ︶ ᠪᠠᠶᠢᠳᠠᠯ ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ | ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠣᠨ ᠤ ᠲᠥᠰᠥᠪ | ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ᠂ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ | ᠪᠠᠭᠯᠠᠬᠤ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯ ᠢ ᠤᠷᠤᠭᠰᠢᠲᠠᠢ ᠡᠮᠬᠢ ᠵᠢᠷᠤᠮ ᠲᠠᠢ ᠪᠠᠷ | ᠥᠷᠨᠢᠭᠦᠯᠬᠦ ᠶᠢ ᠪᠠᠲᠤᠯᠠᠬᠤ ᠳᠤ ᠬᠡᠷᠡᠭᠯᠡᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ | ᠵᠢᠭᠠᠨ ᠵᠢᠯᠤᠭᠤᠳᠴᠤ ᠪᠠᠶᠢᠭᠠᠳ ᠬᠠᠶᠠᠭᠳᠠᠮᠠᠯ ᠪᠣᠭᠤᠳᠠᠯ ᠪᠠᠭᠯᠠᠭ᠎ᠠ ᠶᠢᠨ ᠪᠣᠳᠠᠰ ᠢ ᠡᠬᠢ ᠪᠠᠶᠠᠯᠢᠭᠵᠢᠭᠤᠯᠬᠤ ᠪᠠ | ᠤᠷᠴᠢᠯᠳᠤᠭᠤᠯᠤᠨ ᠠᠰᠢᠭᠯᠠᠬᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠲᠥᠪ ᠤᠨ ᠲᠥᠰᠥᠪ ᠲᠠᠬᠢ | ᠪᠡᠯᠡ ᠮᠥᠩᠭᠦᠨ ᠤ ᠣᠷᠤᠭᠤᠯᠤᠯᠲᠠ ᠬᠢᠬᠦ ᠬᠠᠨᠳᠤᠰᠢ ᠶᠢ ᠦᠨᠳᠦᠰᠦᠯᠡᠨ᠂ ᠳᠡᠮᠵᠢᠯᠭᠡ ᠣᠯᠬᠤ ᠪᠠᠷ ᠢᠳᠡᠪᠬᠢᠲᠡᠢ | ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠬᠠᠷᠢᠭᠤᠴᠠᠨ᠎ᠠ︶ ᠵᠠᠰᠠᠭ ᠤᠨ ᠣᠷᠳᠣᠨ ᠤ ᠪᠣᠬᠢᠷᠳᠤᠯ ᠦᠭᠡᠢ ᠶᠢᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ ︽ᠲᠠᠸᠠᠷ ᠤᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ᠲᠦᠷᠭᠡᠨ | ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ | ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠵᠢᠷᠤᠮᠯᠠᠨ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢᠨ ᠬᠥᠲᠥᠯᠥᠨ | ᠵᠢᠯᠤᠭᠤᠳᠬᠤ ᠦᠢᠯᠡᠳᠦᠯ ᠢ ᠨᠢ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠥᠷᠥᠯ ᠵᠦᠢᠯ ᠢ | ᠢᠳᠡᠪᠬᠢᠲᠡᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ | ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ ᠪᠠ ᠡᠨᠧᠷᠭᠢ ᠶᠢᠨ ᠬᠤᠷᠣᠭᠳᠠᠯ ᠪᠠᠭ᠎ᠠ ᠣᠶᠤᠨᠯᠢᠭ ᠪᠠᠷᠠᠭᠠᠨ ᠤ | ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠶᠢᠨ ᠬᠢ ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ | ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ | ᠬᠠᠷᠢᠭᠤᠴᠠᠨ᠎ᠠ︶ | ︵ᠠᠷᠪᠠᠨ ᠨᠢᠭᠡ︶ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ ᠬᠠᠮᠢᠶ᠎ᠠ ᠪᠦᠬᠦᠢ | ᠠᠵᠢᠯ ᠲᠥᠷᠥᠯ ᠤᠨ ᠨᠡᠶᠢᠭᠡᠮᠯᠢᠭ ᠢ ᠰᠢᠮᠳᠠᠭᠤᠯᠤᠨ ᠵᠢᠯᠤᠭᠤᠳᠴᠤ ᠪᠠᠶᠢᠭᠠᠳ ᠠᠵᠢᠯ ᠲᠥᠷᠥᠯ ᠳᠤ ᠭᠦᠨᠵᠡᠭᠡᠶᠢᠷᠡᠬᠦ᠂ | ᠠᠵᠤ ᠠᠬᠤᠶᠢᠯᠠᠯ ᠳᠤ ᠦᠢᠯᠡᠴᠢᠯᠡᠬᠦ᠂ ᠨᠡᠶᠢᠯᠡᠮᠡᠯ ᠬᠦᠴᠦᠨ ᠢᠶᠠᠨ ᠨᠢᠭᠲᠠᠷᠠᠭᠤᠯᠬᠤ ᠳᠠᠬᠢ ᠣᠨᠴᠠᠭᠠᠢ ᠳᠠᠪᠠᠭᠤᠯᠢᠭ | ᠲᠠᠯ᠎ᠠ ᠪᠠᠨ ᠭᠦᠢᠴᠡᠳ ᠪᠠᠳᠠᠷᠠᠭᠤᠯᠤᠨ᠂ ᠠᠵᠢᠯ ᠲᠥᠷᠥᠯ ᠤᠨ ᠳᠣᠲᠣᠭᠠᠳᠤᠬᠢ ᠦᠢᠯᠡᠳᠪᠦᠷᠢᠯᠡᠬᠦ᠂ ᠪᠣᠷᠣᠯᠠᠭᠤᠯᠬᠤ | ᠵᠡᠷᠭᠡ ᠠᠵᠤ ᠠᠬᠤᠶᠢᠯᠠᠯ ᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠪᠠ ᠪᠠᠷᠢᠮᠵᠢᠶ᠎ᠠ ᠶᠢᠨ ᠤᠬᠠᠭᠤᠯᠤᠨ ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ ᠢ | ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠳᠥᠭᠦᠮ ᠪᠣᠷᠣᠭᠵᠢᠭᠤᠨ | ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠠᠯᠬᠤᠮ | ᠠᠯᠬᠤᠮ ᠢᠶᠠᠷ ᠪᠣᠢ ᠪᠣᠯᠭᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ | ᠳᠣᠲᠣᠭᠠᠳᠤᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ | ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠪᠠᠶᠢᠳᠠᠯ ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠣᠨᠣᠪᠴᠢᠲᠠᠢ ᠪᠠᠷ ᠲᠤᠭ᠎ᠠ ᠪᠠᠷᠢᠮᠲᠠ ᠶᠢᠨ | ᠮᠡᠳᠡᠭᠡ ᠵᠠᠩᠭᠢ ᠬᠠᠩᠭᠠᠵᠤ᠂ ᠨᠡᠶᠢᠭᠡᠮ ᠳᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠤᠷᠢᠭᠯᠠᠨ ᠵᠣᠭᠰᠣᠭᠠᠭᠰᠠᠨ | ᠮᠡᠳᠡᠭᠦᠯᠦᠯᠲᠡ ᠶᠢ ᠨᠡᠶᠢᠲᠡᠯᠡᠨ᠂ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠸᠠᠷ ᠬᠡᠲᠦ ᠪᠣᠭᠤᠳᠠᠯᠯᠠᠵᠤ | ᠪᠠᠭᠯᠠᠬᠤ ᠪᠠᠨ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ | ᠵᠢᠴᠢ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠨᠡᠶᠢᠲᠡᠯᠡᠨ᠎ᠡ᠃ | ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠬᠠᠮᠢᠶ᠎ᠠ ᠪᠦᠬᠦᠢ ᠠᠵᠢᠯ | ᠲᠥᠷᠥᠯ ᠤᠨ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠨ ᠴᠢᠩᠭᠠᠳᠬᠠᠨ᠎ᠠ | ︵ᠠᠷᠪᠠᠨ ᠬᠤᠶᠠᠷ︶ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠎ᠠ᠃ ᠰᠠᠯᠠᠭ᠎ᠠ ᠮᠥᠴᠢᠷ ᠤᠨ | ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠵᠥᠪᠳᠡᠯᠴᠡᠬᠦ ᠲᠣᠭᠲᠠᠴᠠ ᠶᠢ | ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠵᠠᠰᠠᠭᠰᠠᠨ ᠠᠵᠢᠯ ᠤᠨ ᠠᠬᠢᠴᠠ ᠪᠠᠨ ᠳ᠋ᠦᠩᠨᠡᠵᠦ᠂ | ᠣᠷᠣᠰᠢᠵᠤ ᠪᠠᠶᠢᠭ᠎ᠠ ᠠᠰᠠᠭᠤᠳᠠᠯ ᠤᠳ ᠲᠤ ᠴᠢᠭᠯᠡᠭᠦᠯᠦᠨ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠪᠣᠯᠬᠤ | ᠠᠵᠢᠯ ᠢᠶᠠᠨ ᠬᠠᠷᠠᠯᠲᠠ ᠬᠠᠨᠳᠤᠯᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ ᠮᠡᠳᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢᠭᠡᠴᠢ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠭᠤᠷᠪᠠ︶ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠲᠠᠸᠠᠷ ᠬᠡᠲᠦ | ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠵᠢᠯ ᠢ ᠶᠡᠷᠦᠩᠬᠡᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ | ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠤ | ᠪᠠᠭᠯᠠᠬᠤ ᠳᠤ ᠵᠠᠰᠠᠯᠲᠠ ᠬᠢᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ | ᠨᠠᠶᠢᠳᠠᠪᠤᠷᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠠᠷᠪᠠᠨ ᠳᠥᠷᠪᠡ︶ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠠ ᠰᠣᠨᠢᠨ ᠮᠡᠳᠡᠭᠡᠨ ᠤ ᠵᠠᠭᠤᠴᠢᠯᠠᠭᠤᠷ ᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ | ᠪᠠᠭᠯᠠᠬᠤ ᠶᠢ ᠬᠢᠵᠠᠭᠠᠷᠯᠠᠬᠤ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠤᠨ ᠲᠠᠶᠢᠯᠤᠮᠵᠢ ᠬᠢᠵᠦ᠂ | ᠪᠣᠬᠢᠷᠳᠤᠯ ᠦᠭᠡᠢ ᠠᠷᠪᠢᠴᠢ ᠭᠠᠮᠲᠠᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠨᠡᠶᠢᠲᠡᠯᠢᠭ ᠠᠷᠭ᠎ᠠ ᠬᠢᠳᠡᠯ᠂ | ᠲᠡᠷᠢᠭᠦᠨ ᠤ ᠨᠢᠭᠡᠴᠢ ᠪᠠ ᠬᠤᠪᠢ ᠬᠥᠮᠥᠨ ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠤᠳ ᠢ ᠳᠡᠰ ᠳᠠᠷᠠᠭᠠᠯᠠᠯ ᠶᠣᠰᠣᠭᠠᠷ ᠴᠠᠭ ᠲᠤ ᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ | ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃ ᠡᠯ᠎ᠡ ᠱᠠᠲᠤᠨ ᠤ ᠵᠠᠰᠠᠭ | ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠳ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠡᠰᠡᠷᠭᠦᠴᠡᠨ | ᠬᠤᠷᠢᠭᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠬᠠᠭᠤᠯᠬᠤ ᠬᠡᠯᠲᠡᠰ ᠵᠡᠷᠭᠡ | ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2023 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | |