ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2024/1/16
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                  264 ᠳ᠋ᠦ᠋ᠭᠡᠷ ᠲᠣᠭᠠᠲᠤ      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾᠎ ᠶᠢ ᠨᠢᠭᠡᠨᠲᠡ 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2023 ᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠵᠤ ᠪᠠᠲᠤᠯᠠᠭᠠᠳ᠂ ᠡᠳᠦᠭᠡ ᠨᠡᠶᠢᠲᠡᠯᠡᠪᠡ᠂ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                             ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ    ᠸᠠᠩ ᠯᠢ ᠰᠢᠶᠠ                                  2023 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ      ᠨᠢᠭᠡᠳᠦᠭᠡᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠨ᠂ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠰᠢᠭᠯᠠᠬᠤ ᠪᠠ ᠬᠠᠮᠲᠤ ᠳᠤ ᠪᠠᠨ ᠬᠦᠷᠲᠡᠬᠦ ᠶᠢ ᠠᠬᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ᠂ ᠬᠠᠳᠠᠭᠠᠯᠠᠨ ᠬᠠᠮᠢᠶᠠᠷᠬᠤ᠂ ᠬᠠᠩᠭᠠᠬᠤ᠂ ᠠᠰᠢᠭᠯᠠᠬᠤ᠂ ᠬᠠᠮᠲᠤ ᠳᠤ ᠪᠠᠨ ᠬᠦᠷᠲᠡᠬᠦ ᠪᠠ ᠴᠢᠬᠤᠯᠠ ᠪᠦᠬᠦᠢ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠪᠠ ᠨᠡᠶᠢᠲᠡᠯᠡᠬᠦ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃       ᠭᠤᠷᠪᠠᠳᠤᠭᠠᠷ ᠵᠦᠢᠯ    ᠲᠣᠰ ᠠᠷᠭ᠎ᠠ ᠳᠤ ᠬᠡᠯᠡᠵᠦ ᠪᠠᠶᠢᠭ᠎ᠠ ᠬᠡᠮᠵᠢᠨ ᠵᠢᠷᠤᠭᠰᠠᠨ ᠦᠷ᠎ᠡ ᠪᠦᠲᠦᠭᠡᠯ ᠭᠡᠳᠡᠭ  ᠨᠢ ᠬᠡᠮᠵᠢᠨ ᠵᠢᠷᠤᠬᠤ ᠪᠠᠷ ᠳᠡᠮᠵᠢᠨ ᠪᠦᠷᠢᠯᠳᠦᠭᠰᠡᠨ ᠲᠤᠭ᠎ᠠ ᠪᠠᠷᠢᠮᠲᠠ᠂ ᠮᠡᠳᠡᠭᠡ ᠵᠠᠩᠭᠢ᠂ ᠵᠢᠷᠤᠭᠲᠤ ᠵᠦᠢᠯ ᠵᠢᠴᠢ ᠬᠠᠮᠢᠶ᠎ᠠ ᠪᠦᠬᠦᠢ ᠮᠡᠷᠭᠡᠵᠢᠯ ᠤᠨ ᠮᠠᠲ᠋ᠧᠷᠢᠶᠠᠯ ᠢ ᠵᠢᠭᠠᠵᠤ ᠪᠣᠢ᠃ ᠬᠡᠮᠵᠢᠨ ᠵᠢᠷᠤᠭᠰᠠᠨ ᠦᠷ᠎ᠡ ᠪᠦᠲᠦᠭᠡᠯ ᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠭᠡᠵᠦ ᠬᠤᠪᠢᠶᠠᠨ᠎ᠠ᠃      ᠲᠣᠰ ᠠᠷᠭ᠎ᠠ ᠳᠤ ᠬᠡᠯᠡᠵᠦ ᠪᠠᠶᠢᠭ᠎ᠠ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠭᠡᠳᠡᠭ ᠨᠢ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠪᠡᠯᠡ ᠣᠷᠣᠭᠤᠯᠤᠭᠰᠠᠨ ᠤ ᠬᠠᠮᠲᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠳᠤ ᠪᠦᠷᠢᠯᠳᠦᠭᠰᠡᠨ ᠰᠠᠭᠤᠷᠢᠯᠠᠬᠤ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠵᠢᠭᠠᠵᠤ ᠪᠣᠢ᠃ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠠᠴᠠ ᠪᠤᠰᠤᠳ ᠨᠢ ᠪᠣᠯ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠪᠠᠭᠲᠠᠬᠤ  ᠨᠢ᠄      ︵ᠨᠢᠭᠡ︶ ᠥᠪᠡᠷᠲᠡᠭᠡᠨ ᠵᠠᠰᠠᠬᠤ ᠣᠷᠣᠨ ᠠᠴᠠ ᠨᠢᠭᠡᠳᠬᠡᠭᠰᠡᠨ ᠭᠤᠷᠪᠠ᠂ ᠳᠥᠷᠪᠡᠳᠦᠭᠡᠷ ᠳᠡᠰ ᠤᠨ ᠬᠠᠪᠲᠠᠭᠠᠢ ᠶᠢᠨ ᠡᠵᠡᠮᠰᠢᠯ ᠤᠨ ᠲᠣᠣᠷ᠂ ᠡᠷᠭᠦᠭᠳᠡᠴᠡ ᠶᠢᠨ ᠡᠵᠡᠮᠰᠢᠯ ᠤᠨ ᠲᠣᠣᠷ ᠪᠠ ᠣᠷᠣᠨ ᠵᠠᠢ ᠶᠢᠨ ᠪᠠᠶᠢᠷᠢ ᠲᠣᠭᠲᠠᠭᠠᠯᠲᠠ ᠶᠢᠨ ᠲᠣᠣᠷ ᠤᠨ ᠲᠤᠭ᠎ᠠ ᠪᠠᠷᠢᠮᠲᠠ ᠪᠠ ᠮᠠᠲ᠋ᠧᠷᠢᠶᠠᠯ︔      ︵ᠬᠤᠶᠠᠷ︶ 1᠄ 10000᠎ ᠶᠢᠨ ᠦᠨᠳᠦᠰᠦᠨ ᠬᠠᠷᠢᠴᠠᠭᠠᠲᠤ ᠱᠤᠭᠤᠮ ᠢᠶᠠᠷ ᠬᠡᠮᠵᠢᠭᠰᠡᠨ ᠭᠠᠵᠠᠷ ᠤᠨ ᠭᠠᠳᠠᠷᠭᠤ ᠶᠢᠨ ᠵᠢᠷᠤᠭ᠂ ᠢᠮᠡᠭᠧ ᠳᠦᠷᠰᠦ ᠶᠢᠨ ᠵᠢᠷᠤᠭ ᠪᠠ ᠲᠣᠭᠠᠵᠢᠭᠤᠯᠤᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠵᠢᠴᠢ ᠬᠠᠷᠠᠭᠠᠯᠵᠠᠭᠰᠠᠨ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ︔      ︵ᠭᠤᠷᠪᠠ︶ ᠥᠪᠡᠷᠲᠡᠭᠡᠨ ᠵᠠᠰᠠᠬᠤ ᠣᠷᠣᠨ ᠤ ᠱᠠᠲᠤᠨ ᠤ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ᠂ ᠮᠡᠳᠡᠭᠡ ᠵᠠᠩᠭᠢ︔      ︵ᠳᠥᠷᠪᠡ︶ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢ ᠣᠯᠬᠤ ᠠᠭᠠᠷ ᠤᠨ ᠭᠡᠷᠡᠯ ᠵᠢᠷᠤᠭ ᠪᠠ ᠠᠯᠤᠰ ᠰᠡᠷᠡᠯ ᠤᠨ ᠲᠤᠭ᠎ᠠ ᠪᠠᠷᠢᠮᠲᠠ᠂ ᠢᠮᠡᠭᠧ ᠳᠦᠷᠰᠦ ᠶᠢᠨ ᠮᠠᠲ᠋ᠧᠷᠢᠶᠠᠯ︔      ︵ᠲᠠᠪᠤ︶ ᠡᠩ ᠤᠨ ᠭᠠᠵᠠᠷ ᠤᠨ ᠵᠢᠷᠤᠭ ᠪᠠ ᠲᠤᠰᠬᠠᠢ ᠰᠡᠳᠦᠪᠲᠦ ᠭᠠᠵᠠᠷ ᠤᠨ ᠵᠢᠷᠤᠭ ᠢ ᠨᠠᠶᠢᠷᠠᠭᠤᠯᠤᠨ ᠵᠣᠬᠢᠶᠠᠬᠤ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠰᠠᠭᠤᠷᠢ ᠡᠬᠡ ᠵᠢᠷᠤᠭ︔      ︵ᠵᠢᠷᠭᠤᠭ᠎ᠠ︶ ᠲᠥᠷᠥ ᠶᠢᠨ ᠶᠠᠪᠤᠳᠠᠯ ᠤᠨ ᠬᠤᠷᠢᠶᠠᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠃      ᠠᠶᠢᠮᠠᠭ ᠬᠤᠲᠠ ᠶᠢᠨ ᠱᠠᠲᠤᠨ ᠠᠴᠠ ᠳᠣᠷᠣᠭᠰᠢᠬᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠪᠠᠭᠲᠠᠬᠤ ᠨᠢ᠄      ︵ᠨᠢᠭᠡ︶ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠪᠲᠠᠭᠠᠢ ᠶᠢᠨ ᠡᠵᠡᠮᠰᠢᠯ ᠤᠨ ᠲᠣᠣᠷ᠂ ᠡᠷᠭᠦᠭᠳᠡᠴᠡ ᠶᠢᠨ ᠡᠵᠡᠮᠰᠢᠯ ᠤᠨ ᠲᠣᠣᠷ ᠪᠠ ᠣᠷᠣᠨ ᠵᠠᠢ ᠶᠢᠨ ᠪᠠᠶᠢᠷᠢ ᠲᠣᠭᠲᠠᠭᠠᠯᠲᠠ ᠶᠢᠨ ᠲᠣᠣᠷ ᠤᠨ ᠲᠤᠭ᠎ᠠ ᠪᠠᠷᠢᠮᠲᠠ ᠪᠠ ᠮᠠᠲ᠋ᠧᠷᠢᠶᠠᠯ︔      ︵ᠬᠤᠶᠠᠷ︶ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ 1᠄ 5000᠂ 1᠄ 2000᠂ 1᠄ 1000 ᠪᠠ 1᠄ 500᠎ ᠶᠢᠨ ᠦᠨᠳᠦᠰᠦᠨ ᠬᠠᠷᠢᠴᠠᠭᠠᠲᠤ ᠱᠤᠭᠤᠮ ᠢᠶᠠᠷ ᠬᠡᠮᠵᠢᠭᠰᠡᠨ ᠭᠠᠵᠠᠷ ᠤᠨ ᠭᠠᠳᠠᠷᠭᠤ ᠶᠢᠨ ᠵᠢᠷᠤᠭ᠂ ᠢᠮᠡᠭᠧ ᠳᠦᠷᠰᠦ ᠶᠢᠨ ᠵᠢᠷᠤᠭ ᠪᠠ ᠲᠣᠭᠠᠵᠢᠭᠤᠯᠤᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠵᠢᠴᠢ ᠬᠠᠷᠠᠭᠠᠯᠵᠠᠭᠰᠠᠨ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ︔      ︵ᠭᠤᠷᠪᠠ︶ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠰᠢᠰᠲ᠋ᠧᠮ ᠤᠨ ᠲᠤᠭ᠎ᠠ ᠪᠠᠷᠢᠮᠲᠠ᠂ ᠮᠡᠳᠡᠭᠡ ᠵᠠᠩᠭᠢ︔      ︵ᠳᠥᠷᠪᠡ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠭᠲᠠᠭᠠᠭᠰᠠᠨ ᠪᠤᠰᠤᠳ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ᠃      ᠳᠥᠷᠪᠡᠳᠦᠭᠡᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠦᠨ᠎ᠡ ᠲᠥᠯᠥᠪᠦᠷᠢ ᠦᠭᠡᠢ ᠪᠠᠷ ᠬᠤᠷᠢᠶᠠᠩᠭᠤᠶᠢᠯᠠᠨ ᠲᠤᠰᠢᠶᠠᠬᠤ᠂ ᠨᠢᠭᠡᠳᠦᠯᠲᠡᠢ ᠬᠠᠮᠢᠶᠠᠷᠬᠤ᠂ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠵᠠᠷᠴᠢᠮ ᠢ ᠬᠡᠷᠡᠭᠵᠢᠭᠦᠯᠦᠨ᠎ᠡ᠃      ᠲᠠᠪᠤᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠠᠵᠢᠯ ᠢ ᠤᠳᠤᠷᠢᠳᠬᠤ ᠪᠠ ᠵᠣᠬᠢᠴᠠᠭᠤᠯᠬᠤ ᠪᠠᠨ ᠴᠢᠩᠭᠠᠳᠬᠠᠵᠤ᠂ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠬᠠᠮᠲᠤ ᠳᠤ ᠪᠠᠨ ᠬᠦᠷᠲᠡᠬᠦ ᠭᠠᠷᠴᠠᠭ ᠢ ᠰᠢᠨᠡᠳᠬᠡᠵᠦ᠂ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠠ ᠠᠰᠢᠭᠯᠠᠬᠤ ᠶᠢ ᠠᠬᠢᠭᠤᠯᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠢᠶᠠᠨ ᠬᠠᠮᠲᠤ ᠳᠤ ᠪᠠᠨ ᠬᠦᠷᠲᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃      ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠮᠵᠢᠨ ᠵᠢᠷᠤᠬᠤ ᠠᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠶᠢᠭᠠᠯᠢ ᠶᠢᠨ ᠭᠠᠢ ᠭᠠᠮᠰᠢᠭ ᠵᠡᠷᠭᠡ ᠭᠡᠨᠡᠳᠲᠡ ᠶᠢᠨ ᠬᠡᠷᠡᠭ ᠶᠠᠪᠤᠳᠠᠯ ᠢ ᠠᠷᠭᠠᠴᠠᠭᠠᠬᠤ ᠳᠤ ᠳᠠᠷᠤᠢ ᠲᠦᠷᠭᠡᠨ᠂ ᠪᠦᠲᠦᠮᠵᠢᠲᠡᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠡᠷᠡᠭᠲᠡᠢ᠃      ᠳᠣᠯᠣᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠠᠵᠢᠯ ᠳᠤ ᠨᠢᠭᠡᠳᠦᠯᠲᠡᠢ ᠬᠢᠨᠠᠯᠲᠠ ᠲᠠᠯᠪᠢᠨ ᠬᠠᠮᠢᠶᠠᠷᠬᠤ ᠶᠢ ᠬᠠᠷᠢᠭᠤᠴᠠᠵᠤ᠂ ᠲᠣᠭᠲᠠᠭᠰᠠᠨ ᠡᠭᠦᠷᠭᠡ ᠬᠠᠷᠢᠭᠤᠴᠠᠯᠭ᠎ᠠ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠦᠯᠢᠶᠡᠨ ᠠᠪᠬᠤ᠂ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ᠂ ᠬᠠᠩᠭᠠᠬᠤ᠂ ᠬᠡᠷᠡᠭᠯᠡᠬᠦ ᠪᠠ ᠤᠰᠠᠳᠬᠠᠬᠤ ᠵᠡᠷᠭᠡ ᠠᠵᠢᠯ ᠢ ᠳᠠᠭᠠᠭᠠᠨ ᠡᠭᠦᠷᠭᠡᠯᠡᠬᠦ ᠬᠡᠷᠡᠭᠲᠡᠢ᠃      ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠤ ᠵᠠᠰᠠᠭ ᠵᠠᠬᠢᠷᠭ᠎ᠠ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠂ ᠣᠢ ᠰᠢᠭᠤᠢ ᠪᠠ ᠨᠤᠲᠤᠭ ᠪᠡᠯᠴᠢᠭᠡᠷ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠶᠣᠰᠣᠭᠠᠷ᠂ ᠲᠣᠰ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠠᠵᠢᠯ ᠢᠶᠠᠨ ᠬᠠᠷᠢᠭᠤᠴᠠᠬᠤ ᠬᠡᠷᠡᠭᠲᠡᠢ᠃       ᠨᠠᠢᠮᠠᠳᠤᠭᠠᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ᠂ ᠬᠠᠳᠠᠭᠠᠯᠠᠨ ᠬᠠᠮᠢᠶᠠᠷᠬᠤ᠂ ᠨᠡᠶᠢᠲᠡᠯᠡᠬᠦ᠂ ᠠᠰᠢᠭᠯᠠᠬᠤ᠂ ᠤᠰᠠᠳᠬᠠᠬᠤ ᠳᠤ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠴᠢᠬᠤᠯᠠ ᠪᠦᠬᠦᠢ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠨ᠎ᠠ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠃      ᠶᠢᠰᠦᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠡᠷᠡᠭᠯᠡᠭᠡᠨ ᠤ ᠤᠬᠠᠭᠤᠯᠭ᠎ᠠ ᠪᠠᠨ ᠴᠢᠩᠭᠠᠳᠬᠠᠵᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠡᠳᠡᠯᠭᠡ ᠶᠢ ᠲᠦᠭᠡᠮᠡᠯᠵᠢᠭᠦᠯᠦᠨ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠡᠶᠢᠭᠡᠮᠴᠢᠯᠡᠭᠰᠡᠨ ᠬᠡᠷᠡᠭᠯᠡᠭᠡ ᠶᠢ ᠵᠣᠷᠢᠭᠵᠢᠭᠤᠯᠬᠤ ᠬᠡᠷᠡᠭᠲᠡᠢ᠃      ᠠᠷᠪᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠥᠬᠦ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠬᠤᠷᠢᠶᠠᠩᠭᠤᠶᠢᠯᠠᠨ ᠲᠤᠰᠢᠶᠠᠬᠤ ᠠᠵᠢᠯ ᠢ ᠬᠠᠷᠢᠭᠤᠴᠠᠨ᠎ᠠ᠃      ᠠᠷᠪᠠᠨ ᠨᠢᠭᠡᠳᠦᠭᠡᠷ ᠵᠦᠢᠯ    ᠡᠳ᠋ ᠤᠨ ᠵᠠᠰᠠᠭ ᠤᠨ ᠪᠡᠯᠡ ᠣᠷᠤᠭᠤᠯᠤᠯᠲᠠ ᠶᠢ ᠬᠡᠷᠡᠭᠯᠡᠵᠦ ᠪᠡᠶᠡᠯᠡᠭᠦᠯᠦᠭᠰᠡᠨ ᠬᠡᠮᠵᠢᠨ ᠵᠢᠷᠤᠭᠰᠠᠨ ᠲᠥᠷᠥᠯ ᠵᠦᠢᠯ ᠢ ᠪᠣᠯ᠂ ᠬᠡᠮᠵᠢᠨ ᠵᠢᠷᠤᠬᠤ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠢ ᠠᠴᠠ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃      ᠪᠤᠰᠤᠳ ᠪᠡᠯᠡ ᠮᠥᠩᠭᠦ ᠶᠢ ᠬᠡᠷᠡᠭᠯᠡᠵᠦ ᠪᠡᠶᠡᠯᠡᠭᠦᠯᠦᠭᠰᠡᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠪᠣᠯ᠂ ᠬᠡᠮᠵᠢᠨ ᠵᠢᠷᠤᠬᠤ ᠲᠥᠷᠥᠯ ᠵᠦᠢᠯ ᠤᠨ ᠪᠡᠯᠡ ᠭᠠᠷᠭᠠᠭᠴᠢ ᠠᠴᠠ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃      ᠬᠤᠷᠢᠶᠠᠩᠭᠤᠶᠢᠯᠠᠨ ᠲᠤᠰᠢᠶᠠᠬᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠨᠢ ᠦᠨᠡᠨ ᠪᠣᠳᠠᠲᠠᠢ᠂ ᠣᠨᠣᠪᠴᠢᠲᠠᠢ᠂ ᠪᠦᠷᠢᠨ ᠭᠦᠢᠴᠡᠳ᠂ ᠵᠢᠷᠤᠮᠵᠢᠭᠤᠨ ᠪᠠᠶᠢᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠨᠢ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠪᠠᠭᠲᠠᠪᠠᠯ᠂ ᠳᠠᠭᠠᠯᠲᠠ ᠳᠡᠪᠲᠡᠷ ᠢᠶᠠᠨ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ︔ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠪᠠᠭᠲᠠᠪᠠᠯ᠂ ᠭᠠᠷᠴᠠᠭ ᠢᠶᠠᠨ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠠ ᠭᠠᠷᠴᠠᠭ ᠲᠤ ᠦᠨ᠎ᠡ ᠲᠥᠯᠥᠪᠦᠷᠢ ᠦᠭᠡᠢ ᠪᠠᠷ ᠬᠤᠷᠢᠶᠠᠩᠭᠤᠶᠢᠯᠠᠨ ᠲᠤᠰᠢᠶᠠᠬᠤ ᠶᠢ ᠬᠡᠷᠡᠭᠵᠢᠭᠦᠯᠦᠨ᠎ᠡ᠃ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠠ ᠭᠠᠷᠴᠠᠭ ᠢ ᠬᠦᠯᠢᠶᠡᠨ ᠠᠪᠬᠤ ᠶᠢ ᠬᠠᠷᠢᠭᠤᠴᠠᠵᠤ ᠪᠠᠶᠢᠭ᠎ᠠ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠭᠰᠠᠨ ᠪᠠᠷᠢᠮᠲᠠ ᠲᠡᠮᠳᠡᠭ ᠭᠠᠷᠭᠠᠵᠤ ᠥᠭᠬᠦ ᠴᠢᠬᠤᠯᠠᠲᠠᠢ ᠮᠥᠷᠲᠡᠭᠡᠨ ᠬᠤᠷᠢᠶᠠᠩᠭᠤᠶᠢᠯᠠᠨ ᠲᠤᠰᠢᠶᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠤᠶᠤ ᠭᠠᠷᠴᠠᠭ ᠢ ᠳᠤᠰᠤᠭᠰᠠᠨ ᠡᠳᠦᠷ ᠠᠴᠠ ᠡᠬᠢᠯᠡᠵᠦ ᠠᠷᠪᠠᠨ ᠠᠵᠢᠯᠯᠠᠬᠤ ᠡᠳᠦᠷ ᠤᠨ ᠳᠣᠲᠣᠷ᠎ᠠ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠠ ᠭᠠᠷᠴᠠᠭ ᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠳᠠᠭᠠᠯᠠᠨ ᠬᠠᠮᠢᠶᠠᠷᠬᠤ ᠨᠢᠭᠡᠴᠢ ᠳᠤ ᠰᠢᠯᠵᠢᠭᠦᠯᠦᠨ ᠲᠤᠰᠢᠶᠠᠬᠤ ᠬᠡᠷᠡᠭᠲᠡᠢ᠃      ᠠᠷᠪᠠᠨ ᠭᠤᠷᠪᠠᠳᠤᠭᠠᠷ ᠵᠦᠢᠯ    ᠬᠡᠮᠵᠢᠨ ᠵᠢᠷᠤᠬᠤ ᠲᠥᠷᠥᠯ ᠵᠦᠢᠯ ᠤᠨ ᠪᠡᠯᠡ ᠭᠠᠷᠭᠠᠭᠴᠢ ᠪᠤᠶᠤ ᠤᠯᠤᠰ ᠠᠴᠠ ᠪᠡᠯᠡ ᠣᠷᠣᠭᠤᠯᠤᠭᠰᠠᠨ ᠬᠡᠮᠵᠢᠨ ᠵᠢᠷᠤᠬᠤ ᠲᠥᠷᠥᠯ ᠵᠦᠢᠯ ᠢ ᠳᠠᠭᠠᠭᠠᠨ ᠡᠭᠦᠷᠭᠡᠯᠡᠵᠦ ᠪᠠᠶᠢᠭ᠎ᠠ ᠨᠢᠭᠡᠴᠢ  ᠨᠢ ᠬᠡᠮᠵᠢᠨ ᠵᠢᠷᠤᠬᠤ ᠲᠥᠷᠥᠯ ᠵᠦᠢᠯ ᠢ ᠰᠢᠯᠭᠠᠨ ᠬᠤᠷᠢᠶᠠᠵᠤ ᠠᠪᠤᠭᠰᠠᠨ ᠡᠳᠦᠷ ᠠᠴᠠ ᠡᠬᠢᠯᠡᠵᠦ ᠭᠤᠷᠪᠠᠨ ᠰᠠᠷ᠎ᠠ ᠶᠢᠨ ᠳᠣᠲᠣᠷ᠎ᠠ᠂ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠤᠶᠤ ᠭᠠᠷᠴᠠᠭ ᠢ ᠬᠤᠷᠢᠶᠠᠩᠭᠤᠶᠢᠯᠠᠨ ᠲᠤᠰᠢᠶᠠᠬᠤ ᠬᠡᠷᠡᠭᠲᠡᠢ᠃      ᠠᠷᠪᠠᠨ ᠳᠥᠷᠪᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠭᠠᠷᠴᠠᠭ ᠢ ᠴᠠᠭ ᠲᠤᠬᠠᠢ ᠳᠤ ᠨᠢ ᠨᠠᠶᠢᠷᠠᠭᠤᠯᠤᠨ ᠵᠣᠬᠢᠶᠠᠵᠤ᠂ ᠬᠥᠳᠡᠯᠦᠩᠭᠦᠢ ᠪᠠᠷ ᠰᠢᠨᠡᠳᠬᠡᠨ᠂ ᠨᠡᠶᠢᠭᠡᠮ ᠳᠤ ᠢᠯᠡ ᠨᠡᠶᠢᠲᠡᠯᠡᠬᠦ ᠶᠢ ᠬᠡᠷᠡᠭᠵᠢᠭᠦᠯᠦᠨ᠎ᠡ᠃       ᠠᠷᠪᠠᠨ ᠲᠠᠪᠤᠳᠤᠭᠠᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠳᠠᠭᠠᠯᠠᠨ ᠬᠠᠮᠢᠶᠠᠷᠬᠤ ᠨᠢᠭᠡᠴᠢ  ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠳᠠᠭᠠᠯᠲᠠ ᠳᠡᠪᠲᠡᠷ ᠪᠤᠶᠤ ᠭᠠᠷᠴᠠᠭ ᠢ ᠣᠯᠣᠭᠰᠠᠨ ᠤ ᠳᠠᠷᠠᠭ᠎ᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ︾᠎ ᠶᠢᠨ ᠲᠣᠭᠲᠠᠭᠠᠯ ᠶᠣᠰᠣᠭᠠᠷ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠳᠠᠩᠰᠠ ᠡᠪᠬᠡᠮᠡᠯ ᠪᠠ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠬᠤ ᠬᠡᠷᠡᠭᠲᠡᠢ᠃      ᠠᠷᠪᠠᠨ ᠵᠢᠷᠭᠤᠳᠤᠭᠠᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠳᠠᠭᠠᠯᠠᠨ ᠬᠠᠮᠢᠶᠠᠷᠬᠤ ᠨᠢᠭᠡᠴᠢ  ᠨᠢ ᠤᠯᠤᠰ ᠤᠨ ᠨᠢᠭᠤᠴᠠ ᠶᠢ ᠬᠠᠮᠠᠭᠠᠯᠠᠬᠤ᠂ ᠭᠠᠯ ᠰᠡᠷᠭᠡᠶᠢᠯᠡᠵᠦ ᠤᠨᠲᠠᠷᠠᠭᠠᠬᠤ ᠵᠢᠴᠢ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠬᠠᠳᠠᠭᠠᠯᠠᠨ ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠪᠦᠬᠦᠢ ᠪᠡᠯᠡᠳᠬᠡᠮᠵᠢ ᠲᠣᠬᠢᠷᠠᠭᠤᠯᠵᠤ᠂ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠠᠷᠭ᠎ᠠ ᠪᠠᠷᠢᠯ ᠢ ᠬᠡᠷᠡᠭᠯᠡᠨ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠬᠠᠮᠲᠤ᠂ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠣᠨᠳᠣᠣ ᠭᠠᠵᠠᠷ ᠲᠤ ᠪᠡᠯᠡᠳᠬᠡᠨ ᠨᠥᠭᠡᠴᠡᠯᠡᠵᠦ ᠬᠠᠳᠠᠭᠠᠯᠠᠬᠤ ᠳᠦᠷᠢᠮ ᠢ ᠬᠡᠷᠡᠭᠵᠢᠭᠦᠯᠬᠦ ᠬᠡᠷᠡᠭᠲᠡᠢ᠃       ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠳᠠᠭᠠᠯᠠᠨ ᠬᠠᠮᠢᠶᠠᠷᠬᠤ ᠨᠢᠭᠡᠴᠢ ᠨᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠳᠠᠭᠠᠯᠠᠨ ᠬᠠᠮᠢᠶᠠᠷᠴᠤ᠂ ᠡᠪᠳᠡᠨ ᠰᠦᠢᠳᠬᠡᠵᠦ᠂ ᠭᠡᠭᠡᠭᠳᠡᠭᠦᠯᠵᠦ᠂ ᠰᠢᠯᠵᠢᠭᠦᠯᠦᠨ ᠥᠭᠴᠦ ᠪᠣᠯᠬᠤ ᠦᠭᠡᠢ᠃      ᠣᠨᠳᠣᠣ ᠭᠠᠵᠠᠷ ᠲᠤ ᠪᠡᠯᠡᠳᠬᠡᠨ ᠨᠥᠭᠡᠴᠡᠯᠡᠵᠦ ᠬᠠᠳᠠᠭᠠᠯᠠᠬᠤ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠠᠷᠪᠠᠨ ᠳᠣᠯᠣᠳᠤᠭᠠᠷ ᠵᠦᠢᠯ    ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠪᠠ ᠡᠳ᠋ ᠤᠨ ᠵᠠᠰᠠᠭ ᠠᠴᠠ ᠪᠡᠯᠡ ᠣᠷᠣᠭᠤᠯᠵᠤ ᠪᠡᠶᠡᠯᠡᠭᠦᠯᠦᠭᠰᠡᠨ ᠪᠤᠰᠤᠳ ᠬᠡᠮᠵᠢᠨ ᠵᠢᠷᠤᠭᠰᠠᠨ ᠦᠷ᠎ᠡ ᠪᠦᠲᠦᠭᠡᠯ ᠢ ᠤᠯᠤᠰ ᠤᠨ ᠪᠠᠶᠢᠭᠤᠯᠭ᠎ᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠ ᠨᠡᠶᠢᠭᠡᠮ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠲᠤ ᠬᠡᠷᠡᠭᠯᠡᠬᠦ ᠳᠤ ᠬᠥᠷᠪᠡᠯ ᠲᠥᠯᠥᠪᠦᠷᠢ ᠦᠭᠡᠢ ᠪᠠᠷ ᠬᠠᠩᠭᠠᠵᠤ ᠥᠭᠬᠦ ᠬᠡᠷᠡᠭᠲᠡᠢ᠃      ᠡᠮᠦᠨᠡᠬᠢ ᠵᠤᠷᠪᠤᠰ ᠤᠨ ᠲᠣᠭᠲᠠᠭᠠᠯ ᠠᠴᠠ ᠭᠠᠳᠠᠨ᠎ᠠ᠂ ᠬᠡᠮᠵᠢᠨ ᠵᠢᠷᠤᠭᠰᠠᠨ ᠦᠷ᠎ᠡ ᠪᠦᠲᠦᠭᠡᠯ ᠳᠤ ᠬᠠᠤᠯᠢ ᠶᠣᠰᠣᠭᠠᠷ ᠲᠥᠯᠥᠪᠦᠷᠢ ᠲᠠᠢ ᠪᠠᠷ ᠬᠡᠷᠡᠭᠯᠡᠬᠦ ᠳᠦᠷᠢᠮ ᠢ ᠬᠡᠷᠡᠭᠵᠢᠭᠦᠯᠦᠨ᠎ᠡ᠃ ᠭᠡᠪᠡᠴᠦ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠴᠡᠷᠢᠭ ᠠᠩᠭᠢ ᠨᠢ ᠭᠠᠮᠰᠢᠭ ᠠᠴᠠ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠣᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠠᠴᠠ ᠡᠭᠦᠰᠪᠡᠯ᠂ ᠬᠡᠮᠵᠢᠨ ᠵᠢᠷᠤᠭᠰᠠᠨ ᠦᠷ᠎ᠡ ᠪᠦᠲᠦᠭᠡᠯ ᠢ ᠲᠥᠯᠥᠪᠦᠷᠢ ᠦᠭᠡᠢ ᠪᠠᠷ ᠬᠡᠷᠡᠭᠯᠡᠵᠦ ᠪᠣᠯᠣᠨ᠎ᠠ᠃      ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠤᠯᠢ ᠶᠣᠰᠣᠭᠠᠷ ᠲᠥᠯᠥᠪᠦᠷᠢ ᠲᠠᠢ ᠪᠠᠷ ᠬᠡᠷᠡᠭᠯᠡᠭᠰᠡᠨ ᠪᠣᠯ᠂ ᠬᠡᠷᠡᠭᠯᠡᠭᠴᠢ ᠨᠢ ᠬᠡᠮᠵᠢᠨ ᠵᠢᠷᠤᠭᠰᠠᠨ ᠲᠥᠷᠥᠯ ᠵᠦᠢᠯ ᠤᠨ ᠪᠡᠯᠡ ᠭᠠᠷᠭᠠᠭᠴᠢ ᠯᠤᠭ᠎ᠠ ᠪᠢᠴᠢᠭ ᠤᠨ ᠬᠡᠯᠪᠡᠷᠢ ᠶᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠲᠣᠭᠲᠠᠭᠠᠬᠤ ᠬᠡᠷᠡᠭᠲᠡᠢ᠃      ᠠᠷᠪᠠᠨ ᠨᠠᠢᠮᠠᠳᠤᠭᠠᠷ ᠵᠦᠢᠯ    ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠤᠯᠤᠰ ᠤᠨ ᠨᠢᠭᠤᠴᠠ ᠳᠤ ᠬᠠᠷᠢᠶᠠᠯᠠᠭᠳᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠰᠢᠭᠯᠠᠬᠤ ᠴᠢᠬᠤᠯᠠ ᠲᠠᠢ ᠪᠣᠯ᠂ ᠠᠰᠢᠭᠯᠠᠬᠤ ᠵᠣᠷᠢᠯᠭ᠎ᠠ ᠪᠠ ᠬᠡᠪᠴᠢᠶ᠎ᠡ ᠪᠠᠨ ᠲᠣᠳᠣᠷᠬᠠᠢ ᠳᠤᠷᠠᠳᠴᠤ᠂ ᠬᠠᠤᠯᠢ ᠳᠤ ᠲᠣᠭᠲᠠᠭᠠᠭᠰᠠᠨ ᠭᠠᠷᠳᠠᠮ ᠢ ᠭᠦᠢᠴᠡᠳᠬᠡᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠪᠠᠶᠢᠭ᠎ᠠ ᠭᠠᠵᠠᠷ ᠤᠨ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃ ᠤᠯᠤᠰ ᠤᠨ ᠨᠢᠭᠤᠴᠠ ᠳᠤ ᠬᠠᠷᠢᠶᠠᠯᠠᠭᠳᠠᠬᠤ ᠦᠭᠡᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠰᠢᠭᠯᠠᠬᠤ ᠳᠤ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠥᠮᠴᠢᠯᠡᠭᠴᠢ ᠯᠦᠭᠡ ᠪᠢᠴᠢᠭ ᠤᠨ ᠬᠡᠯᠪᠡᠷᠢ ᠶᠢᠨ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠢ ᠲᠣᠭᠲᠠᠭᠠᠬᠤ ᠬᠡᠷᠡᠭᠲᠡᠢ᠃      ᠠᠷᠪᠠ ᠶᠢᠰᠦᠳᠦᠭᠡᠷ ᠵᠦᠢᠯ    ᠤᠯᠤᠰ ᠤᠨ ᠨᠢᠭᠤᠴᠠ ᠳᠤ ᠬᠠᠷᠢᠶᠠᠯᠠᠭᠳᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠰᠢᠭᠯᠠᠬᠤ ᠪᠠᠷ ᠭᠤᠶᠤᠴᠢᠯᠠᠭᠰᠠᠨ ᠪᠣᠯ᠂  ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠢᠳᠪᠦᠷᠢᠯᠡᠬᠦ ᠪᠠᠷ ᠭᠥᠯᠢᠶᠡᠨ ᠠᠪᠤᠭᠰᠠᠨ ᠡᠳᠦᠷ ᠠᠴᠠ ᠡᠬᠢᠯᠡᠵᠦ ᠠᠷᠪᠠᠨ ᠡᠳᠦᠷ ᠤᠨ ᠳᠣᠲᠣᠷ᠎ᠠ ᠬᠠᠩᠭᠠᠬᠤ ᠶᠢ ᠵᠥᠪᠰᠢᠶᠡᠷᠡᠬᠦ ᠡᠰᠡᠬᠦ ᠰᠢᠢᠳᠪᠦᠷᠢ ᠭᠠᠷᠭᠠᠬᠤ ᠬᠡᠷᠡᠭᠲᠡᠢ᠃ ᠬᠠᠩᠭᠠᠬᠤ ᠦᠭᠡᠢ ᠪᠣᠯ᠂ ᠪᠢᠴᠢᠭ ᠤᠨ ᠬᠡᠯᠪᠡᠷᠢ ᠪᠠᠷ ᠮᠡᠳᠡᠭᠳᠡᠬᠦ ᠶᠢᠨ ᠬᠠᠮᠲᠤ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠢ᠃       ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠩᠭᠠᠬᠤ ᠶᠢ ᠵᠥᠪᠰᠢᠶᠡᠷᠡᠬᠦ ᠪᠠᠷ ᠲᠣᠭᠲᠠᠭᠰᠠᠨ ᠪᠠᠶᠢᠪᠠᠯ᠂ ᠭᠤᠶᠤᠴᠢᠯᠠᠭᠴᠢ ᠯᠤᠭ᠎ᠠ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠬᠠᠩᠭᠠᠬᠤ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠨᠢᠭᠤᠴᠠ ᠶᠢᠨ ᠳᠡᠰ᠂ ᠨᠢᠭᠤᠴᠠ ᠶᠢ ᠬᠠᠮᠠᠭᠠᠯᠠᠬᠤ ᠱᠠᠭᠠᠷᠳᠠᠯᠭ᠎ᠠ ᠵᠢᠴᠢ ᠵᠣᠬᠢᠶᠠᠯ ᠪᠦᠲᠦᠭᠡᠯ ᠤᠨ ᠡᠷᠬᠡ ᠶᠢ ᠬᠠᠮᠠᠭᠠᠯᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃      ᠬᠤᠷᠢᠳᠤᠭᠠᠷ ᠵᠦᠢᠯ    ᠤᠯᠤᠰ ᠤᠨ ᠨᠢᠭᠤᠴᠠ ᠳᠤ ᠬᠤᠯᠪᠣᠭᠳᠠᠬᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠰᠢᠭᠯᠠᠬᠤ ᠨᠢᠭᠡᠴᠢ ᠨᠢ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠵᠢᠷᠤᠮᠯᠠᠵᠤ᠂ ᠦᠨᠡᠨ ᠬᠦ ᠪᠤᠰᠤᠳ ᠨᠢᠭᠡᠴᠢ ᠳᠤ ᠨᠠᠶᠢᠳᠠᠵᠤ ᠲᠥᠯᠥᠪᠵᠢᠭᠦᠯᠬᠦ᠂ ᠵᠢᠷᠤᠵᠤ ᠲᠥᠯᠥᠪᠯᠡᠬᠦ᠂ ᠰᠢᠰᠲ᠋ᠧᠮ ᠲᠠᠢ ᠨᠡᠭᠡᠭᠡᠨ ᠠᠰᠢᠭᠯᠠᠬᠤ ᠵᠡᠷᠭᠡ ᠠᠵᠢᠯᠯᠠᠭ᠎ᠠ ᠥᠷᠨᠢᠭᠦᠯᠬᠦ ᠳᠤ ᠬᠥᠷᠪᠡᠯ᠂ ᠨᠢᠭᠤᠴᠠ ᠶᠢ ᠬᠠᠮᠠᠭᠠᠯᠠᠬᠤ ᠨᠥᠬᠦᠴᠡᠯ ᠪᠦᠬᠦᠢ ᠨᠢᠭᠡᠴᠢ ᠳᠤ ᠨᠠᠶᠢᠳᠠᠬᠤ ᠬᠡᠷᠡᠭᠲᠡᠢ ᠮᠥᠷᠲᠡᠭᠡᠨ ᠨᠠᠶᠢᠳᠠᠯᠭ᠎ᠠ ᠬᠦᠯᠢᠶᠡᠭᠰᠡᠨ ᠨᠢᠭᠡᠴᠢ ᠯᠦᠭᠡ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ ᠲᠣᠭᠲᠠᠬᠤ ᠬᠡᠷᠡᠭᠲᠡᠢ᠃ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠤᠯᠤᠰ ᠤᠨ ᠨᠢᠭᠤᠴᠠ ᠳᠤ ᠬᠤᠯᠪᠣᠭᠳᠠᠬᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠴᠠᠭ ᠲᠤᠬᠠᠢ ᠳᠤ ᠨᠢ ᠬᠤᠷᠢᠶᠠᠨ ᠠᠪᠴᠢᠷᠠᠬᠤ ᠪᠤᠶᠤ ᠤᠰᠠᠳᠬᠠᠵᠤ᠂ ᠨᠠᠶᠢᠳᠠᠯᠭ᠎ᠠ ᠬᠦᠯᠢᠶᠡᠭᠰᠡᠨ ᠨᠢᠭᠡᠴᠢ ᠶᠠᠮᠠᠷᠪᠠ ᠬᠡᠯᠪᠡᠷᠢ ᠪᠠᠷ ᠦᠯᠡᠳᠡᠭᠡᠨ ᠬᠠᠳᠠᠭᠠᠯᠠᠬᠤ ᠪᠤᠶᠤ ᠭᠤᠷᠪᠠᠳᠠᠭᠢ ᠡᠲᠡᠭᠡᠳ ᠲᠤ ᠬᠠᠩᠭᠠᠵᠤ ᠪᠣᠯᠬᠤ ᠦᠭᠡᠢ᠃      ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠥᠮᠴᠢᠯᠡᠭᠴᠢ ᠨᠢ ᠨᠢᠭᠤᠴᠠ ᠶᠢ ᠬᠠᠮᠠᠭᠠᠯᠠᠬᠤ ᠨᠥᠬᠦᠴᠡᠯ ᠪᠦᠷᠢᠯᠳᠦᠭᠡᠳᠦᠢ ᠨᠢᠭᠡᠴᠢ ᠪᠤᠶᠤ ᠬᠤᠪᠢ ᠬᠥᠮᠥᠨ ᠳᠤ ᠤᠯᠤᠰ ᠤᠨ ᠨᠢᠭᠤᠴᠠ ᠳᠤ ᠬᠤᠯᠪᠣᠭᠳᠠᠬᠤ ᠰᠠᠭᠤᠷᠢ ᠪᠤᠰᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠩᠭᠠᠵᠤ ᠪᠣᠯᠬᠤ ᠦᠭᠡᠢ᠃      ᠬᠤᠷᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠤᠬᠠᠢ ᠶᠢᠨ ᠭᠠᠵᠠᠷ ᠤᠨ ᠬᠡᠷᠡᠭᠯᠡᠭᠴᠢᠳ ᠤᠨ ᠤᠯᠤᠰ ᠤᠨ ᠨᠢᠭᠤᠴᠠ ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠠᠪᠴᠤ ᠬᠡᠷᠡᠭᠯᠡᠭᠰᠡᠨ ᠲᠡᠮᠳᠡᠭᠯᠡᠯ ᠢ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠬᠠᠢ ᠶᠢᠨ ᠭᠠᠵᠠᠷ ᠤᠨ ᠬᠡᠷᠡᠭᠯᠡᠭᠴᠢᠳ ᠤᠨ ᠠᠪᠴᠤ ᠬᠡᠷᠡᠭᠯᠡᠭᠰᠡᠨ ᠤᠯᠤᠰ ᠤᠨ ᠨᠢᠭᠤᠴᠠ ᠳᠤ ᠬᠤᠯᠪᠣᠭᠳᠠᠭᠰᠠᠨ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃      ᠬᠤᠷᠢᠨ ᠬᠤᠶᠠᠳᠤᠭᠠᠷ ᠵᠦᠢᠯ    ᠢᠨᠲ᠋ᠧᠷ ᠰᠦᠯᠵᠢᠶ᠎ᠡ ᠵᠢᠴᠢ ᠪᠤᠰᠤᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠣᠷ ᠰᠦᠯᠵᠢᠶ᠎ᠡ ᠪᠤᠶᠤ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠤᠲᠠᠰᠤᠲᠤ ᠪᠠ ᠤᠲᠠᠰᠤ ᠦᠭᠡᠢ ᠴᠢᠮᠡᠭᠡ ᠬᠤᠯᠪᠣᠭᠠᠨ ᠳᠤ ᠤᠯᠤᠰ ᠤᠨ ᠨᠢᠭᠤᠴᠠ ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠳᠠᠮᠵᠢᠭᠤᠯᠬᠤ ᠶᠢ ᠴᠠᠭᠠᠵᠠᠯᠠᠨ᠎ᠠ᠃      ᠬᠤᠷᠢᠨ ᠭᠤᠷᠪᠠᠳᠤᠭᠠᠷ ᠵᠦᠢᠯ    ᠤᠯᠤᠰ ᠤᠨ ᠨᠢᠭᠤᠴᠠ ᠳᠤ ᠬᠤᠯᠪᠣᠭᠳᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠤᠰᠠᠳᠬᠠᠬᠤ ᠳᠤ᠂ ᠲᠣᠭᠠᠯᠠᠨ ᠪᠦᠷᠢᠳᠬᠡᠬᠦ᠂ ᠳᠠᠩᠰᠠᠯᠠᠬᠤ᠂ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠬᠦ ᠬᠡᠷᠡᠭᠲᠡᠢ ᠮᠥᠷᠲᠡᠭᠡᠨ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠭᠤᠯᠤᠭᠰᠠᠨ ᠤᠰᠠᠳᠬᠠᠬᠤ ᠠᠵᠢᠯ ᠤᠨ ᠪᠠᠶᠢᠭᠤᠯᠤᠮᠵᠢ ᠪᠤᠶᠤ ᠨᠢᠭᠤᠴᠠ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠨᠢᠭᠡᠴᠢ ᠳᠤ ᠬᠦᠷᠭᠡᠨ ᠲᠤᠰᠢᠶᠠᠵᠤ ᠤᠰᠠᠳᠬᠠᠬᠤ ᠬᠡᠷᠡᠭᠲᠡᠢ᠃ ᠦᠨᠡᠨ ᠬᠦ ᠠᠵᠢᠯ ᠤᠨ ᠬᠡᠷᠡᠭᠴᠡᠭᠡ ᠠᠴᠠ ᠪᠣᠯᠵᠤ᠂ ᠤᠯᠤᠰ ᠤᠨ ᠨᠢᠭᠤᠴᠠ ᠳᠤ ᠬᠤᠯᠪᠣᠭᠳᠠᠭᠰᠠᠨ ᠪᠠᠭ᠎ᠠ ᠬᠡᠮᠵᠢᠶᠡᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠥᠪᠡᠰᠦᠪᠡᠨ ᠤᠰᠠᠳᠬᠠᠬᠤ ᠳᠤ ᠬᠥᠷᠪᠡᠯ᠂ ᠤᠯᠤᠰ ᠤᠨ ᠨᠢᠭᠤᠴᠠ ᠶᠢ ᠬᠠᠮᠠᠭᠠᠯᠠᠬᠤ ᠪᠠᠷᠢᠮᠵᠢᠶᠠᠨ ᠳᠤ ᠨᠡᠶᠢᠴᠡᠬᠦ ᠤᠰᠠᠳᠬᠠᠬᠤ ᠪᠡᠯᠡᠳᠬᠡᠮᠵᠢ ᠪᠠ ᠠᠷᠭ᠎ᠠ ᠶᠢ ᠬᠡᠷᠡᠭᠯᠡᠬᠦ ᠬᠡᠷᠡᠭᠲᠡᠢ᠃      ᠬᠤᠷᠢᠨ ᠳᠥᠷᠪᠡᠳᠦᠭᠡᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠭᠤᠷᠣᠨᠳᠤ ᠪᠠᠨ ᠰᠠᠭᠤᠷᠢ ᠬᠡᠮᠵᠢᠨ ᠵᠢᠷᠤᠭᠰᠠᠨ ᠦᠷ᠎ᠡ ᠪᠦᠲᠦᠭᠡᠯ ᠢ ᠬᠠᠮᠲᠤ ᠳᠤ ᠪᠠᠨ ᠬᠦᠷᠲᠡᠬᠦ ᠪᠠ ᠨᠢᠭᠡᠳᠦᠯᠲᠡᠢ ᠲᠥᠯᠥᠪᠵᠢᠭᠦᠯᠦᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ    ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠬᠡᠮᠵᠢᠨ ᠵᠢᠷᠤᠬᠤ ᠲᠥᠷᠥᠯ ᠵᠦᠢᠯ᠂ ᠬᠡᠮᠵᠢᠨ ᠵᠢᠷᠤᠬᠤ ᠳᠤ ᠬᠤᠯᠪᠣᠭᠳᠠᠭᠰᠠᠨ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠪᠤᠰᠤᠳ ᠲᠥᠷᠥᠯ ᠵᠦᠢᠯ ᠪᠠ ᠰᠠᠨᠰᠠᠷ ᠠᠶᠠᠯᠠᠯ᠂ ᠠᠭᠠᠷ ᠤᠨ ᠠᠯᠤᠰ ᠰᠡᠷᠡᠯ ᠤᠨ ᠢᠮᠡᠭᠧ ᠳᠦᠷᠰᠦ ᠶᠢᠨ ᠲᠤᠭ᠎ᠠ ᠪᠠᠷᠢᠮᠲᠠ ᠶᠢ ᠬᠤᠳᠠᠯᠳᠤᠨ ᠠᠪᠬᠤ ᠲᠥᠷᠥᠯ ᠵᠦᠢᠯ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠡᠳᠦᠪ ᠲᠣᠭᠲᠠᠭᠠᠬᠤ ᠶᠢ ᠵᠥᠪᠰᠢᠶᠡᠷᠡᠬᠦ ᠠᠴᠠ ᠡᠮᠦᠨ᠎ᠡ ᠪᠢᠴᠢᠭ ᠤᠨ ᠬᠡᠯᠪᠡᠷᠢ ᠪᠠᠷ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠠᠨᠠᠯ ᠬᠤᠷᠢᠶᠠᠬᠤ ᠬᠡᠷᠡᠭᠲᠡᠢ᠃ ᠬᠡᠮᠵᠢᠨ ᠵᠢᠷᠤᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠰᠠᠨᠠᠯ ᠬᠤᠷᠢᠶᠠᠬᠤ ᠮᠠᠲ᠋ᠧᠷᠢᠶᠠᠯ ᠢ ᠳᠤᠰᠤᠭᠰᠠᠨ ᠡᠳᠦᠷ ᠠᠴᠠ ᠡᠬᠢᠯᠡᠵᠦ ᠠᠷᠪᠠᠨ ᠡᠳᠦᠷ ᠤᠨ ᠳᠣᠲᠣᠷ᠎ᠠ ᠰᠠᠨᠠᠯ ᠬᠤᠷᠢᠶᠠᠭᠰᠠᠨ ᠰᠠᠯᠠᠭ᠎ᠠ ᠮᠥᠴᠢᠷ ᠲᠤ ᠪᠢᠴᠢᠭ ᠤᠨ ᠬᠡᠯᠪᠡᠷᠢ ᠪᠠᠷ ᠰᠠᠨᠠᠯ ᠢᠶᠠᠨ ᠬᠠᠷᠢᠭᠤ ᠲᠤᠰᠬᠠᠬᠤ ᠬᠡᠷᠡᠭᠲᠡᠢ᠃ ᠵᠣᠬᠢᠷᠠᠬᠤ ᠬᠡᠮᠵᠢᠨ ᠵᠢᠷᠤᠭᠰᠠᠨ ᠦᠷ᠎ᠡ ᠪᠦᠲᠦᠭᠡᠯ ᠪᠠᠶᠢᠪᠠᠯ᠂ ᠨᠢᠭᠡᠨᠲᠡ ᠪᠠᠶᠢᠭ᠎ᠠ ᠬᠡᠮᠵᠢᠨ ᠵᠢᠷᠤᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠳᠠᠬᠢᠨ ᠳᠠᠪᠲᠠᠨ ᠬᠡᠮᠵᠢᠨ ᠵᠢᠷᠤᠬᠤ ᠠᠴᠠ ᠵᠠᠶᠢᠯᠠᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ    ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠬᠤ ᠪᠠ ᠲᠡᠭᠦᠯᠳᠡᠷᠵᠢᠭᠦᠯᠬᠦ ᠬᠡᠷᠡᠭᠲᠡᠢ᠃ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠵᠦ ᠪᠠᠶᠢᠭᠤᠯᠤᠭᠰᠠᠨ ᠪᠤᠰᠤᠳ ᠭᠠᠵᠠᠷ ᠵᠦᠢ ᠶᠢᠨ ᠣᠷᠣᠨ ᠪᠠᠶᠢᠷᠢ ᠳᠤ ᠰᠠᠭᠤᠷᠢᠯᠠᠭᠰᠠᠨ ᠮᠡᠳᠡᠭᠡ ᠵᠠᠩᠭᠢ ᠶᠢᠨ ᠰᠢᠰᠲ᠋ᠧᠮ ᠳᠤ᠂ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠬᠡᠷᠡᠭᠯᠡᠬᠦ ᠪᠤᠶᠤ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠯᠤᠭ᠎ᠠ ᠬᠠᠷᠢᠯᠴᠠᠨ ᠵᠣᠯᠭᠠᠭᠤᠯᠵᠤ᠂ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠬᠢᠷᠢ ᠲᠦᠪᠰᠢᠨ ᠢ ᠳᠡᠭᠡᠭᠰᠢᠯᠡᠭᠦᠯᠵᠦ᠂ ᠬᠠᠮᠢᠶᠠᠷᠤᠯᠲᠠ ᠶᠢᠨ ᠥᠪᠡᠷ ᠤᠨ ᠥᠷᠳᠡᠭ ᠢ ᠨᠢ ᠪᠠᠭᠤᠷᠠᠭᠤᠯᠬᠤ ᠬᠡᠷᠡᠭᠲᠡᠢ᠃       ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠮᠡᠷᠭᠡᠵᠢᠯ ᠤᠨ ᠵᠢᠷᠤᠮᠵᠢᠯ ᠪᠠ ᠲᠤᠭ᠎ᠠ ᠪᠠᠷᠢᠮᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠡᠬᠢ ᠪᠠᠶᠠᠯᠢᠭ ᠤᠨ ᠬᠠᠮᠲᠤ ᠳᠤ ᠪᠠᠨ ᠬᠦᠷᠲᠡᠬᠦ ᠶᠢ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ ᠤᠨ ᠬᠠᠩᠭᠠᠭᠰᠠᠨ ᠬᠡᠮᠵᠢᠨ ᠵᠢᠷᠤᠭᠰᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠵᠢᠴᠢ ᠮᠠᠲ᠋ᠧᠷᠢᠶᠠᠯ ᠢ ᠭᠦᠢᠴᠡᠳ ᠠᠰᠢᠭᠯᠠᠵᠤ᠂ ᠭᠠᠵᠠᠷ ᠵᠦᠢ ᠶᠢᠨ ᠰᠠᠭᠤᠷᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠰᠢᠨᠡᠳᠬᠡᠬᠦ ᠪᠠ ᠲᠡᠭᠦᠯᠳᠡᠷᠵᠢᠭᠦᠯᠬᠦ ᠶᠢᠨ ᠬᠠᠮᠲᠤ ᠨᠡᠶᠢᠭᠡᠮ ᠳᠤ ᠬᠠᠨᠳᠤᠭᠤᠯᠤᠨ ᠦᠢᠯᠡᠴᠢᠯᠡᠭᠡ ᠬᠠᠩᠭᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ    ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠮᠵᠢᠶ᠎ᠠ ᠭᠠᠵᠠᠷ ᠤᠨ ᠵᠢᠷᠤᠭ ᠢ ᠨᠡᠶᠢᠲᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠣᠯᠢᠯᠴᠠᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠢ ᠴᠠᠭ ᠲᠤᠬᠠᠢ ᠳᠤ ᠨᠢ ᠰᠢᠢᠳᠪᠦᠷᠢᠯᠡᠬᠦ ᠪᠠ ᠡᠮᠬᠢᠯᠡᠨ ᠨᠡᠶᠢᠯᠡᠭᠦᠯᠵᠦ᠂ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠣᠳᠣᠬᠢ ᠪᠠᠶᠢᠳᠠᠯ ᠤᠨ ᠴᠢᠨᠠᠷ ᠢ ᠪᠠᠲᠤᠯᠠᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃      ᠬᠤᠷᠢᠨ ᠨᠠᠢᠮᠠᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠠᠴᠠ ᠬᠢᠨᠠᠨ ᠬᠠᠷᠭᠤᠭᠤᠯᠵᠤ ᠨᠡᠶᠢᠲᠡᠯᠡᠭᠰᠡᠨ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠠᠴᠠ ᠪᠤᠰᠤᠳ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ ᠶᠢᠨ ᠬᠠᠮᠲᠤ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠥᠪᠳᠡᠯᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠰᠠᠯᠠᠭ᠎ᠠ ᠮᠥᠴᠢᠷ ᠠᠴᠠ ᠨᠡᠶᠢᠲᠡᠯᠡᠨ᠎ᠡ᠃      ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠭᠡᠳ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠳᠤᠷ᠎ᠠ ᠪᠠᠷ ᠨᠡᠶᠢᠲᠡᠯᠡᠵᠦ ᠪᠣᠯᠬᠤ ᠦᠭᠡᠢ᠃      ᠬᠤᠷᠢ ᠶᠢᠰᠦᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠳᠤ ᠪᠠᠭᠲᠠᠬᠤ ᠨᠢ᠄      ︵ᠨᠢᠭᠡ︶ ᠵᠠᠰᠠᠭ ᠵᠠᠬᠢᠷᠭᠠᠨ ᠤ ᠣᠷᠣᠨ ᠪᠦᠰᠡ ᠶᠢᠨ ᠴᠢᠬᠤᠯᠠ ᠣᠨᠴᠠᠯᠢᠭᠲᠤ ᠴᠡᠭ᠂ ᠭᠠᠵᠠᠷ ᠤᠨ ᠪᠠᠶᠢᠴᠠ᠂ ᠭᠠᠵᠠᠷ ᠤᠨ ᠲᠥᠷᠬᠦ ᠶᠢᠨ ᠣᠷᠣᠨ ᠬᠤᠪᠢᠶᠠᠷᠢᠯᠠᠯ ᠤᠨ ᠪᠠᠶᠢᠷᠢᠯᠠᠯ︔      ︵ᠬᠤᠶᠠᠷ︶ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ ᠣᠷᠣᠨ ᠪᠦᠰᠡ ᠶᠢᠨ ᠪᠠᠶᠢᠷᠢᠯᠠᠯ᠂ ᠲᠠᠯᠠᠪᠠᠢ︔      ︵ᠭᠤᠷᠪᠠ︶ ︽ᠥᠪᠥᠷ ᠮᠣᠩᠭᠤᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︾᠂ ︽ᠪᠥᠬᠦ ᠣᠷᠣᠨ︾ ᠵᠡᠷᠭᠡ ᠦᠰᠦᠭ ᠬᠠᠳᠠᠭᠰᠠᠨ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ︔      ︵ᠳᠥᠷᠪᠡ︶ ᠴᠢᠬᠤᠯᠠ ᠪᠠᠶᠢᠭᠠᠯᠢ ᠪᠠ ᠬᠥᠮᠥᠨ ᠨᠡᠶᠢᠭᠡᠮ ᠤᠨ ᠭᠠᠵᠠᠷ ᠵᠦᠢ ᠶᠢᠨ ᠪᠣᠳᠠᠲᠤ ᠴᠣᠭᠴᠠ ᠶᠢᠨ ᠪᠠᠶᠢᠭ᠎ᠠ ᠪᠠᠶᠢᠷᠢᠯᠠᠯ᠂ ᠡᠷᠭᠦᠭᠳᠡᠴᠡ᠂ ᠭᠦᠨᠴᠡ᠂ ᠲᠠᠯᠠᠪᠠᠢ᠂ ᠲᠤᠭ᠎ᠠ ᠬᠡᠮᠵᠢᠶ᠎ᠡ᠂ ᠤᠷᠳᠤ ᠶᠢᠨ ᠬᠡᠮᠵᠢᠶ᠎ᠡ ᠵᠡᠷᠭᠡ ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ᠃       ᠡᠮᠦᠨᠡᠬᠢ ᠵᠤᠷᠪᠤᠰ ᠲᠤ ᠲᠣᠭᠲᠠᠭᠠᠭᠰᠠᠨ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ  ᠨᠢ ᠵᠡᠷᠭᠡ ᠪᠠᠷ ᠤᠯᠤᠰ ᠤᠨ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠳᠤ ᠪᠠᠭᠲᠠᠪᠠᠯ᠂ ᠲᠡᠭᠦᠨ ᠢ ᠬᠢᠨᠠᠨ ᠬᠠᠷᠭᠤᠭᠤᠯᠬᠤ ᠪᠠ ᠨᠡᠶᠢᠲᠡᠯᠡᠬᠦ ᠳᠤ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠭᠤᠴᠢᠳᠤᠭᠠᠷ ᠵᠦᠢᠯ    ᠨᠢᠭᠡᠴᠢ ᠪᠤᠶᠤ ᠬᠤᠪᠢ ᠬᠥᠮᠥᠨ ᠠᠴᠠ ᠥᠪᠡᠷᠲᠡᠭᠡᠨ ᠵᠠᠰᠠᠬᠤ ᠣᠷᠣᠨ ᠤ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠨᠡᠶᠢᠲᠡᠯᠡᠬᠦ ᠪᠠᠷ ᠰᠠᠨᠠᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠮᠵᠢᠨ ᠵᠢᠷᠤᠬᠤ ᠠᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠤᠨ ᠬᠡᠯᠪᠡᠷᠢ ᠪᠠᠷ ᠰᠠᠨᠠᠭᠤᠯᠭ᠎ᠠ ᠳᠤᠷᠠᠳᠬᠤ ᠶᠢᠨ ᠬᠠᠮᠲᠤ᠂ ᠳᠣᠣᠷᠠᠬᠢ ᠮᠠᠲ᠋ᠧᠷᠢᠶᠠᠯ ᠢ ᠲᠤᠰᠢᠶᠠᠬᠤ ᠬᠡᠷᠡᠭᠲᠡᠢ᠄      ︵ᠨᠢᠭᠡ︶ ᠨᠢᠭᠡᠴᠢ ᠪᠤᠶᠤ ᠬᠤᠪᠢ ᠬᠥᠮᠥᠨ ᠤ ᠦᠨᠳᠦᠰᠦᠨ ᠪᠠᠶᠢᠳᠠᠯ︔      ︵ᠬᠤᠶᠠᠷ︶ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠨᠠᠷᠢᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠤᠨ ᠮᠠᠲ᠋ᠧᠷᠢᠶᠠᠯ ᠵᠢᠴᠢ ᠨᠡᠶᠢᠲᠡᠯᠡᠬᠦ ᠴᠢᠬᠤᠯᠠ ᠴᠢᠨᠠᠷ ᠤᠨ ᠲᠣᠳᠣᠷᠬᠠᠶᠢᠯᠠᠯᠲᠠ︔      ︵ᠭᠤᠷᠪᠠ︶ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠣᠯᠣᠭᠰᠠᠨ ᠮᠡᠷᠭᠡᠵᠢᠯ ᠤᠨ ᠲᠥᠰᠥᠯ᠂ ᠶᠠᠰᠤ ᠴᠢᠨᠠᠷ ᠤᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ᠲᠤᠭ᠎ᠠ ᠪᠠᠷᠢᠮᠲᠠ ᠶᠢ ᠰᠢᠯᠭᠠᠨ ᠬᠤᠷᠢᠶᠠᠵᠤ ᠦᠨᠡᠯᠡᠨ ᠵᠢᠱᠢᠭᠰᠡᠨ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ︔      ︵ᠳᠥᠷᠪᠡ︶ ᠬᠢᠨᠠᠨ ᠬᠠᠷᠭᠤᠭᠤᠯᠬᠤ ᠳᠤ ᠱᠠᠭᠠᠷᠳᠠᠭᠳᠠᠬᠤ ᠪᠤᠰᠤᠳ ᠮᠠᠲ᠋ᠧᠷᠢᠶᠠᠯ᠃      ᠬᠢᠨᠠᠨ ᠬᠠᠷᠭᠤᠭᠤᠯᠬᠤ ᠪᠠᠷ ᠳᠠᠮᠵᠢᠭᠠᠳ ᠨᠡᠶᠢᠲᠡᠯᠡᠬᠦ ᠴᠢᠬᠤᠯᠠ ᠲᠠᠢ ᠭᠠᠵᠠᠷ ᠵᠦᠢ ᠶᠢᠨ ᠴᠢᠬᠤᠯᠠ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ᠂ ᠲᠣᠰ ᠠᠷᠭ᠎ᠠ ᠶᠢᠨ ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ    ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠭᠡᠳ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠯᠲᠠ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ ᠰᠢᠢᠳᠬᠡᠬᠦ ᠲᠣᠭᠲᠠᠭᠠᠯ ᠭᠠᠷᠭᠠᠭᠰᠠᠨ ᠪᠠᠶᠢᠪᠠᠯ᠂ ᠲᠡᠷᠡ ᠬᠦ ᠲᠣᠭᠲᠠᠭᠠᠯ ᠢ ᠵᠢᠷᠤᠮᠯᠠᠨ᠎ᠠ᠃      ᠭᠤᠴᠢᠨ ᠬᠤᠶᠠᠳᠤᠭᠠᠷ ᠵᠦᠢᠯ    ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠠᠵᠢᠯ ᠳᠤ ᠠᠯᠪᠠᠨ ᠲᠤᠰᠢᠶᠠᠯ ᠳᠤ ᠠᠯᠮᠠᠶᠢᠷᠠᠨ ᠣᠰᠣᠯᠳᠠᠬᠤ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠬᠦ᠂ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠠᠶᠢᠳᠠᠯ ᠭᠠᠷᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ ᠥᠭᠭᠦᠨ᠎ᠡ︔ ᠶᠠᠯ᠎ᠠ ᠳᠤ ᠬᠥᠷᠥᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠭᠤᠷᠪᠠᠳᠤᠭᠠᠷ ᠵᠦᠢᠯ    ᠲᠣᠰ ᠠᠷᠭ᠎ᠠ ᠶᠢ 2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 1990 ᠣᠨ ᠤ 12 ᠳ᠋ᠤᠭᠠᠷ ᠰᠠᠷ᠎ᠠ ᠶᠢᠨ 18 ᠤ ᠡᠳᠦᠷ ᠤᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 18 ᠳ᠋ᠤᠭᠠᠷ ᠲᠣᠭᠠᠲᠤ︶᠎ ᠶᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ      2023ᠣᠨ ᠤ 11 ᠳ᠋ᠦ᠋ᠭᠡᠷ ᠰᠠᠷ᠎ᠠ ᠶᠢᠨ 13 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号