ᠥᠰᠦᠭ ᠪᠢᠴᠢᠭ ᠤᠨ ᠲᠠᠶᠢᠯᠤᠮᠵᠢ᠄ 2024 ᠣᠨ ᠳᠤ ᠦᠴᠦᠸᠠᠨ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠶᠠᠭᠤ ᠶᠠᠭᠤ ᠪᠠᠶᠢᠬᠤ ᠪᠤᠢ︖
ᠨᠡᠶᠢᠲᠡᠯᠡᠭᠰᠡᠨ ᠴᠠᠭ᠄
2024/1/16
     ︵ᠨᠢᠭᠡ︶ ᠦᠴᠦᠸᠠᠨ ᠰᠢᠶᠠᠨ ᠤ 2024 ᠣᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 637 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠰᠢᠨ᠎ᠡ ᠪᠠᠷ ᠮᠠᠯᠲᠠᠭᠰᠠᠨ ᠮᠠᠰᠢᠨ ᠴᠠᠬᠢᠯᠭᠠᠨ ᠬᠤᠳᠳᠤᠭ 33᠂ ᠶᠡᠭᠡ ᠠᠮᠠᠰᠠᠷ ᠤᠨ ᠬᠤᠳᠳᠤᠭ 1᠃ ᠡᠯ᠎ᠡ ᠬᠡᠯᠪᠡᠷᠢ ᠶᠢᠨ ᠱᠤᠩᠭᠤᠯ ᠬᠥᠭᠡᠷᠭᠡ 39 ᠢᠵᠢ᠂ ᠳᠠᠪᠲᠠᠮᠵᠢ ᠥᠭᠡᠷᠡᠴᠢᠯᠡᠬᠦ ᠮᠠᠰᠢᠨ 17 ᠢᠵᠢ᠂ ᠳᠣᠣᠷ᠎ᠠ ᠬᠦᠴᠦᠳᠡᠯᠲᠦ ᠴᠠᠬᠢᠯᠭᠠᠨ ᠳᠡᠭᠡᠰᠦ ᠶᠢ 7.02 ᠺᠢᠯᠣᠮᠧᠲᠷ ᠢᠵᠢ ᠪᠦᠷᠢᠳᠦᠭᠦᠯᠵᠦ ᠰᠣᠯᠢᠨ᠎ᠠ᠃ 15 ᠰᠠᠭᠤᠷᠢ 6 ᠲᠡᠭᠰᠢ ᠳᠥᠷᠪᠡᠯᠵᠢᠨ ᠮᠧᠲᠷ ᠬᠤᠳᠳᠤᠭ ᠤᠨ ᠭᠡᠷ ᠢ ᠰᠢᠨ᠎ᠡ ᠪᠠᠷ ᠪᠠᠶᠢᠭᠤᠯᠵᠤ᠂ 540 ᠮᠧᠲᠷ ᠬᠤᠳᠳᠤᠭ ᠤᠨ ᠬᠠᠰᠢᠶ᠎ᠠ ᠶᠢ ᠤᠭᠰᠠᠷᠠᠵᠤ᠂ 632 ᠲᠡᠭᠰᠢ ᠳᠥᠷᠪᠡᠯᠵᠢᠨ ᠮᠧᠲᠷ ᠬᠤᠳᠳᠤᠭ ᠤᠨ ᠭᠡᠷ ᠢ ᠬᠠᠲᠠᠷᠢᠭᠤᠯᠤᠨ᠎ᠠ᠃ ᠰᠢᠨ᠎ᠡ ᠪᠠᠷ 4 ᠥᠨᠳᠥᠷ ᠪᠠᠶᠢᠷᠢ ᠲᠠᠢ ᠤᠰᠤ ᠬᠠᠳᠠᠭᠠᠯᠠᠬᠤ ᠴᠥᠭᠦᠷᠥᠮ ᠢ ᠪᠠᠶᠢᠭᠤᠯᠤᠨ᠎ᠠ᠃ PE ᠬᠤᠭᠤᠯᠠᠢ ᠶᠢ 15332 ᠮᠧᠲᠷ ᠰᠢᠨ᠎ᠡ ᠪᠠᠷ ᠨᠡᠮᠡᠬᠦ ᠪᠤᠶᠤ ᠰᠣᠯᠢᠵᠤ ᠪᠤᠯᠠᠨ᠎ᠠ᠃ 72 ᠡᠷᠦᠬᠡ ᠳᠤ ᠰᠢᠨ᠎ᠡ ᠪᠠᠷ ᠣᠷᠣᠭᠤᠯᠤᠨ᠎ᠠ᠃ ᠬᠤᠭᠤᠯᠠᠢ ᠶᠢᠨ ᠲᠣᠣᠷ ᠲᠤ ᠡᠯ᠎ᠡ ᠲᠦᠷᠦᠯ ᠤᠨ ᠬᠤᠳᠳᠤᠭ ᠤᠨ ᠦᠷᠦᠭᠡ ᠶᠢ 28 ᠲᠣᠬᠢᠷᠠᠭᠤᠯᠤᠨ᠎ᠠ᠃ 2892 ᠲᠡᠭᠰᠢ ᠳᠥᠷᠪᠡᠯᠵᠢᠨ ᠮᠧᠲᠷ ᠫᠧᠲᠳ ᠵᠠᠮ ᠤᠨ ᠭᠠᠳᠠᠷᠭᠤ ᠶᠢ ᠨᠤᠷᠠᠵᠤ ᠰᠡᠷᠭᠦᠭᠡᠨ᠎ᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ 9 ᠰᠢᠶᠠᠩ ᠪᠠᠯᠭᠠᠰᠤ᠂ 27 ᠵᠠᠰᠠᠭ ᠵᠠᠬᠢᠷᠭᠠᠨ ᠤ ᠲᠣᠰᠬᠤᠨ᠂ 53 ᠠᠶᠢᠯ ᠲᠣᠰᠬᠤᠨ᠂ 2349 ᠡᠷᠦᠬᠡ ᠶᠢᠨ 5147 ᠬᠥᠮᠥᠨ ᠳᠤ ᠠᠰᠢᠭ ᠬᠦᠷᠲᠡᠭᠡᠨ᠎ᠡ᠃      ︵ᠬᠤᠶᠠᠷ︶ ᠬᠥᠬᠡ ᠡᠷᠭᠢ ᠪᠠᠯᠭᠠᠰᠤᠨ ᠤ ᠬᠤᠷᠢᠶᠠᠯᠠᠯ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢᠨ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 204 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠹᠧᠩ ᡂᠢ ᠶᠤᠸᠠᠨ᠂ ᠷᠦᠩ ᠰᠢᠨ ᠬᠤᠷᠢᠶᠠᠯᠠᠯ᠂ ᠰᠣᠶᠣᠯ ᠤᠨ ᠬᠤᠷᠢᠶᠠᠯᠠᠯ ᠵᠡᠷᠭᠡ ᠬᠤᠷᠢᠶᠠᠯᠠᠯ ᠤᠨ ᠰᠤᠪᠠᠭ ᠬᠤᠭᠤᠯᠠᠢ ᠶᠢᠨ ᠲᠣᠣᠷ᠂ ᠭᠠᠳᠠᠷ ᠲᠣᠣᠷ ᠤᠨ ᠬᠤᠭᠤᠯᠠᠢ ᠵᠡᠷᠭᠡ ᠶᠢ ᠰᠣᠯᠢᠵᠤ᠂ ᠢᠯᠴᠢ ᠬᠠᠩᠭᠠᠬᠤ ᠪᠠᠷᠢᠮᠵᠢᠶ᠎ᠠ ᠳᠤ ᠬᠦᠷᠬᠦ ᠨᠣᠷᠮ᠎ᠠ ᠶᠢ ᠳᠡᠭᠡᠭᠰᠢᠯᠡᠭᠦᠯᠦᠨ᠂ 1023 ᠡᠷᠦᠬᠡ ᠰᠠᠭᠤᠭᠠᠯᠢ ᠠᠷᠠᠳ ᠲᠤ ᠢᠯᠴᠢ ᠬᠠᠩᠭᠠᠬᠤ ᠪᠠᠲᠤᠯᠠᠭ᠎ᠠ ᠬᠠᠩᠭᠠᠨ᠎ᠠ᠃      ︵ᠭᠤᠷᠪᠠ︶ ᠦᠴᠦᠸᠠᠨ ᠰᠢᠶᠠᠨ ᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 22 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠪᠥᠬᠦ ᠰᠢᠶᠠᠨ ᠤ ᠬᠡᠪᠴᠢᠶᠡᠨ ᠳᠤ 9 ᠪᠠᠷᠢᠮᠵᠢᠶᠠᠲᠤ ᠥᠷᠲᠡᠭᠡ᠂ 126 ᠪᠠᠷᠢᠮᠵᠢᠶᠠᠲᠤ ᠦᠢᠯᠡᠴᠢᠯᠡᠭᠡᠨ ᠤ ᠴᠡᠭ ᠢ ᠪᠠᠶᠢᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠣᠨ ᠤ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠳᠠᠶᠢᠴᠢᠯᠠᠬᠤ᠂ ᠳᠠᠭᠠᠳᠬᠠᠯ ᠳᠤ ᠣᠷᠣᠯᠴᠠᠬᠤ ᠶᠢ ᠳᠠᠩᠰᠠᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ᠂ ᠵᠠᠷᠯᠠᠨ ᠨᠡᠶᠢᠲᠡᠯᠡᠬᠦ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠮᠡᠳᠡᠭᠦᠯᠦᠨ ᠬᠦᠷᠭᠡᠬᠦ ᠵᠡᠷᠭᠡ 20+7 ᠵᠦᠢᠯ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠭᠤᠣᠯᠳᠠᠯᠭ᠎ᠠ ᠲᠠᠢ ᠥᠷᠨᠢᠭᠦᠯᠵᠦ᠂ ᠣᠯᠠᠨ ᠲᠦᠮᠡᠨ ᠤ ᠭᠡᠷ ᠤᠨ ᠡᠭᠦᠳᠡᠨ ᠳᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠳᠤ ᠲᠥᠬᠦᠮ ᠦᠵᠡᠭᠦᠯᠦᠨ᠎ᠡ᠃      ︵ᠳᠥᠷᠪᠡ︶ ᠡᠷᠡᠭᠦᠯ ᠡᠩᠬᠡ ᠪᠠᠷᠠᠭᠤᠨ ᠵᠡᠭᠡᠯᠢ ᠠᠴᠠ ᠪᠠᠷᠠᠭᠤᠨ ᠨᠡᠭᠦᠳᠡᠯ ᠠᠷᠠᠳ ᠤᠨ ᠲᠣᠰᠬᠤᠨ ᠬᠦᠷᠬᠦ ᠵᠠᠰᠠᠮᠠᠯ ᠵᠠᠮ ᠤᠨ ᠪᠠᠷᠢᠯᠭ᠎ᠠ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 167 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠡᠷᠡᠭᠦᠯ ᠡᠩᠬᠡ ᠪᠠᠷᠠᠭᠤᠨ ᠵᠡᠭᠡᠯᠢ ᠠᠴᠠ ᠪᠠᠷᠠᠭᠤᠨ ᠨᠡᠭᠦᠳᠡᠯ ᠠᠷᠠᠳ ᠤᠨ ᠲᠣᠰᠬᠤᠨ ᠬᠦᠷᠬᠦ ᠵᠠᠰᠠᠮᠠᠯ ᠵᠠᠮ ᠢ ᠪᠠᠶᠢᠭᠤᠯᠵᠤ᠂ ᠮᠤᠬᠤᠷ ᠵᠠᠮ ᠢ ᠨᠡᠪᠲᠡᠷᠡᠭᠦᠯᠦᠨ᠎ᠡ᠂ ᠪᠥᠬᠦ ᠣᠷᠳᠣ ᠨᠢ 1.3 ᠺᠢᠯᠣᠮᠧᠲᠷ ᠪᠣᠯᠣᠨ᠎ᠠ᠃ ᠬᠤᠲᠠ ᠬᠥᠳᠡᠭᠡ ᠶᠢᠨ ᠵᠠᠮ ᠤᠨ ᠬᠢᠷᠢ ᠬᠡᠮᠵᠢᠶ᠎ᠡ ᠶᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃      ︵ᠲᠠᠪᠤ︶ ᠷᠦᠩ ᠶᠢᠨ ᠬᠤᠷᠢᠶᠠᠯᠠᠯ ᠤᠨ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 86 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠷᠦᠩ ᠶᠢᠨ ᠬᠤᠷᠢᠶᠠᠯᠠᠯ ᠤᠨ ᠤᠰᠤ ᠬᠠᠩᠭᠠᠬᠤ ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠬᠦᠴᠢᠷᠳᠡᠯ ᠢ ᠰᠢᠢᠳᠪᠦᠷᠢᠯᠡᠨ᠎ᠡ᠃      ︵ᠵᠢᠷᠭᠤᠭ᠎ᠠ︶ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠳᠡᠳ᠋ ᠲᠥᠪ ᠤᠨ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1100 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠪᠠᠷᠠᠭᠤᠨ ᠤᠯᠠᠭᠠᠨᠪᠤᠯᠠᠭ ᠪᠠᠯᠭᠠᠰᠤᠨ ᠳᠤ 1800 ᠲᠡᠭᠰᠢ ᠳᠥᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠶ ᠲᠠᠢ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠳᠡᠳ᠋ ᠲᠥᠪ ᠢ ᠪᠠᠶᠢᠭᠤᠯᠵᠤ᠂ ᠲᠦᠷᠭᠡᠨ ᠠᠪᠤᠷᠠᠯᠳᠠ ᠶᠢᠨ ᠥᠷᠲᠡᠭᠡ ᠶᠢ ᠢᠵᠢ ᠪᠦᠷᠢᠳᠦᠭᠦᠯᠦᠨ ᠪᠠᠶᠢᠭᠤᠯᠵᠤ᠂ ᠰᠠᠭᠤᠭᠠᠯᠢ ᠠᠷᠠᠳ ᠲᠤ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ᠂ ᠡᠷᠡᠭᠦᠯᠵᠢᠭᠦᠯᠬᠦ᠂ ᠰᠤᠪᠢᠯᠠᠬᠤ ᠦᠢᠯᠡᠴᠢᠯᠡᠭᠡ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠨ᠂ ᠬᠦᠴᠢᠷ ᠲᠦᠪᠡᠭᠲᠡᠢ ᠡᠪᠡᠳᠴᠢᠨ ᠤ ᠲᠦᠷᠭᠡᠨ ᠡᠮᠨᠡᠬᠦ ᠲᠦᠷᠭᠡᠨ ᠠᠪᠤᠷᠠᠯᠳᠠ ᠵᠢᠴᠢ ᠰᠢᠯᠵᠢᠭᠦᠯᠦᠨ ᠡᠮᠨᠡᠬᠦ ᠦᠢᠯᠡᠴᠢᠯᠡᠭᠡ ᠬᠠᠩᠭᠠᠵᠤ᠂ ᠡᠷᠬᠢᠨ ᠲᠣᠭᠤᠷᠢᠨ ᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠮᠡᠷᠭᠡᠵᠢᠯ ᠤᠨ ᠵᠢᠯᠣᠭᠤᠳᠤᠯᠭ᠎ᠠ ᠵᠡᠷᠭᠡ ᠠᠵᠢᠯ ᠤᠨ ᠡᠭᠦᠷᠭᠡ ᠶᠢ ᠡᠭᠦᠷᠭᠡᠯᠡᠨ᠎ᠡ᠃      ︵ᠳᠣᠯᠤᠭ᠎ᠠ︶ ᠰᠢᠤᠸᠠᠢ ᠹᠦ᠋ ᠵᠡᠭᠦᠨ ᠵᠡᠭᠡᠯᠢ ᠶᠢᠨ ᠪᠣᠬᠢᠷ ᠤᠰᠤᠨ ᠤ ᠬᠤᠭᠤᠯᠠᠢ ᠶᠢᠨ ᠲᠣᠣᠷ ᠢ ᠥᠭᠡᠷᠡᠴᠢᠯᠡᠬᠦ ᠢᠨᠵᠧᠨᠧᠷᠢᠩ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 120 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠪᠣᠬᠢᠷ ᠤᠰᠤᠨ ᠤ ᠬᠤᠭᠤᠯᠠᠢ ᠶᠢᠨ ᠲᠣᠣᠷ ᠢ 230 ᠮᠧᠲᠷ ᠥᠭᠡᠷᠡᠴᠢᠯᠡᠨ᠎ᠡ᠃ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ᠂ ᠰᠢᠤᠸᠠᠢ ᠹᠦ᠋ ᠵᠡᠭᠦᠨ ᠵᠡᠭᠡᠯᠢ ᠶᠢᠨ ᠬᠤᠶᠠᠷ ᠬᠠᠵᠠᠭᠤ ᠶᠢᠨ ᠰᠠᠭᠤᠭᠠᠯᠢ ᠠᠷᠠᠳ ᠤᠨ ᠤᠰᠤ ᠵᠠᠯᠠᠬᠤ ᠳᠤ ᠰᠠᠭᠠᠳ ᠪᠣᠯᠬᠤ᠂ ᠦᠷᠭᠦᠯᠵᠢ ᠲᠦᠭᠵᠢᠷᠡᠬᠦ ᠠᠰᠠᠭᠤᠳᠠᠯ ᠢ ᠰᠠᠶᠢᠵᠢᠷᠠᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃      ︵ᠨᠠᠢᠮᠠ︶ ᠦᠴᠦᠸᠠᠨ ᠰᠢᠶᠠᠨ ᠤ ᠮᠥᠨᠳᠥᠷ ᠢ ᠰᠡᠷᠭᠡᠶᠢᠯᠡᠬᠦ ᠥᠨᠳᠥᠷ ᠫᠤᠤ ᠶᠢᠨ ᠠᠵᠢᠯ ᠤᠨ ᠴᠡᠭ ᠤᠨ ᠪᠠᠷᠢᠮᠵᠢᠶᠠᠵᠢᠭᠤᠯᠤᠨ ᠥᠭᠡᠷᠡᠴᠢᠯᠡᠬᠦ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ250 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄  ᠬᠥᠬᠡ ᠡᠷᠭᠢ ᠪᠠᠯᠭᠠᠰᠤᠨ ᠤ ᠵᠢᠷᠭᠤᠳᠤᠭᠠᠷ ᠲᠣᠰᠬᠤᠨ᠂ ᠳᠡᠭᠡᠷ᠎ᠡ ᠲᠣᠬᠤᠢ ᠰᠢᠶᠠᠩ ᠤᠨ ᠴᠠᠭᠠᠨ ᠮᠣᠷᠢᠲᠠᠢ ᠲᠣᠰᠬᠤᠨ᠂ ᠬᠠᠷᠠᠭᠤᠯ ᠪᠠᠯᠭᠠᠰᠤᠨ ᠤ ᠪᠠ ᠭᠦ᠋ ᠳ᠋ᠢ ᠲᠣᠰᠬᠤᠨ᠂ ᠬᠤᠭᠤᠯᠠᠢ ᠠᠭᠤᠯᠠ ᠰᠢᠶᠠᠩ ᠤᠨ ᠦ᠋ ᠹᠦ᠋ ᠲᠠᠩ ᠲᠣᠰᠬᠤᠨ᠂ ᠪᠠᠷᠠᠭᠤᠨ ᠤᠯᠠᠭᠠᠨᠪᠤᠯᠠᠭ ᠪᠠᠯᠭᠠᠰᠤᠨ ᠤ ᠳᠤᠮᠳᠠ ᠬᠥᠨᠳᠡᠯᠡᠨ ᠭᠤᠣᠯ ᠲᠣᠰᠬᠤᠨ ᠤ ᠴᠡᠭ ᠵᠡᠷᠭᠡ 14 ᠮᠥᠨᠳᠥᠷ ᠢ ᠰᠡᠷᠭᠡᠶᠢᠯᠡᠬᠦ ᠥᠨᠳᠥᠷ ᠫᠤᠤ ᠶᠢᠨ ᠠᠵᠢᠯ ᠤᠨ ᠴᠡᠭ ᠲᠤ ᠡᠮᠬᠢ ᠵᠢᠷᠤᠮ ᠲᠠᠢ ᠪᠠᠷ ᠪᠠᠷᠢᠮᠵᠢᠶᠠᠵᠢᠭᠤᠯᠤᠨ ᠥᠭᠡᠷᠡᠴᠢᠯᠡᠵᠦ᠂ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠦᠴᠦᠸᠠᠨ ᠰᠢᠶᠠᠨ ᠤ ᠮᠥᠨᠳᠥᠷ ᠢ ᠰᠡᠷᠭᠡᠶᠢᠯᠡᠬᠦ ᠥᠨᠳᠥᠷ ᠫᠤᠤ ᠶᠢᠨ ᠠᠵᠢᠯ ᠤᠨ ᠴᠡᠭ ᠤᠨ ᠠᠵᠢᠯ ᠤᠨ ᠠᠮᠤᠷ ᠲᠦᠪᠰᠢᠨ ᠢ ᠪᠠᠲᠤᠯᠠᠵᠤ᠂ ᠠᠵᠢᠯ ᠤᠨ ᠴᠡᠭ ᠤᠨ ᠬᠠᠮᠠᠭᠠᠯᠠᠯᠲᠠ ᠶᠢᠨ ᠣᠷᠣᠨ ᠤ ᠲᠠᠷᠢᠮᠠᠯ ᠤᠨ ᠮᠥᠨᠳᠥᠷ ᠤᠨ ᠭᠠᠮᠰᠢᠭ ᠤᠨ ᠨᠥᠯᠥᠭᠡ ᠶᠢ ᠪᠠᠭᠠᠰᠬᠠᠨ᠎ᠠ᠃      ︵ᠶᠢᠰᠦ︶ ᠦᠴᠦᠸᠠᠨ ᠰᠢᠶᠠᠨ ᠤ ᠬᠠᠶᠢᠷ᠎ᠠ ᠬᠠᠯᠠᠮᠵᠢ ᠶᠢᠨ ᠲᠤᠰᠠᠯᠠᠬᠤ ᠪᠠᠭᠠᠵᠢ ᠶᠢᠨ ᠬᠠᠮᠲᠤ ᠪᠠᠷ ᠡᠳ᠋ᠯᠡᠬᠦ ᠣᠷᠣᠨ ᠵᠠᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 40 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ 200 ᠲᠡᠭᠰᠢ ᠳᠥᠷᠪᠡᠯᠵᠢᠨ ᠮᠧᠲᠷ ᠤᠨ ᠦᠴᠦᠸᠠᠨ ᠰᠢᠶᠠᠨ ᠤ ᠬᠠᠶᠢᠷ᠎ᠠ ᠬᠠᠯᠠᠮᠵᠢ ᠶᠢᠨ ᠲᠤᠰᠠᠯᠠᠬᠤ ᠪᠠᠭᠠᠵᠢ ᠶᠢ ᠬᠠᠮᠲᠤ ᠪᠠᠷ ᠡᠳ᠋ᠯᠡᠬᠦ ᠣᠷᠣᠨ ᠵᠠᠢ ᠶᠢ ᠪᠠᠶᠢᠭᠤᠯᠵᠤ᠂ ᠬᠠᠷᠠᠭ᠎ᠠ᠂ ᠮᠥᠴᠢ᠂ ᠰᠣᠨᠣᠷ ᠵᠡᠷᠭᠡ ᠲᠥᠷᠥᠯ ᠢᠯᠭᠠᠯ ᠤᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠬᠤᠳᠠᠯᠳᠤᠨ ᠠᠪᠴᠤ᠂ ᠪᠥᠬᠦ ᠰᠢᠶᠠᠨ ᠤ ᠨᠠᠰᠤᠲᠠᠶᠢᠴᠤᠳ᠂ ᠡᠪᠡᠳᠴᠢᠨ ᠠᠴᠠ ᠪᠣᠯᠵᠤ ᠬᠥᠳᠡᠯᠵᠦ ᠪᠠᠷᠢᠬᠤ ᠳᠤ ᠳᠥᠭᠦᠮ ᠦᠭᠡᠢ ᠡᠪᠡᠳᠴᠢᠲᠡᠨ᠂ ᠵᠡᠮᠳᠡᠭᠴᠦᠳ ᠵᠡᠷᠭᠡ ᠳᠤ ᠰᠦᠢᠳᠬᠡᠯ ᠬᠤᠷᠢᠶᠠᠬᠤ ᠦᠭᠡᠢ ᠪᠠᠷ ᠲᠦᠷᠢᠶᠡᠰᠦᠯᠡᠬᠦ᠂ ᠰᠡᠯᠪᠢᠨ ᠵᠠᠰᠠᠬᠤ ᠦᠢᠯᠡᠴᠢᠯᠡᠭᠡ ᠬᠠᠩᠭᠠᠵᠤ᠂ ᠣᠨᠴᠠᠭᠠᠶ ᠬᠥᠮᠥᠰ ᠤᠨ ᠡᠮᠴᠢᠯᠡᠭᠡ ᠡᠷᠡᠭᠦᠯᠵᠢᠯ ᠳᠤ ᠲᠥᠬᠦᠮ ᠦᠵᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃      ︵ᠠᠷᠪᠠ︶ ᠭᠤᠸᠠᠩ ᠷᠥᠩ ᠬᠦᠷᠢᠶᠡᠯᠡᠩ ᠢ ᠲᠠᠰ ᠳᠡᠪᠰᠢᠭᠦᠯᠦᠨ ᠥᠭᠡᠷᠡᠴᠢᠯᠡᠬᠦ ᠢᠨᠵᠧᠨᠧᠷᠢᠩ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ85 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠭᠠᠯ ᠤᠨᠲᠠᠷᠠᠭᠠᠬᠤ ᠵᠠᠮ ᠢ ᠬᠠᠲᠠᠭᠤᠷᠠᠭᠤᠯᠬᠤ᠂ ᠲᠡᠷᠭᠡᠨ ᠰᠠᠷᠠᠪᠴᠢ ᠰᠢᠨ᠎ᠡ ᠪᠠᠷ ᠪᠠᠶᠢᠭᠤᠯᠬᠤ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠤᠭᠰᠠᠷᠠᠬᠤ᠂ ᠬᠦᠷᠢᠶ᠎ᠡ ᠬᠠᠰᠢᠶ᠎ᠠ ᠶᠢ ᠬᠠᠲᠠᠭᠤᠷᠠᠭᠤᠯᠬᠤ ᠵᠡᠷᠭᠡ ᠪᠣᠯᠣᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠤᠸᠠᠩ ᠷᠥᠩ ᠬᠦᠷᠢᠶᠡᠯᠡᠩ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠦᠷᠢᠶᠡᠯᠡᠩ ᠤᠨ ᠠᠷᠠᠳ ᠤᠨ ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃      ︵ᠠᠷᠪᠠᠨ ᠨᠢᠭᠡ︶ ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠤᠨ ᠨᠡᠶᠢᠲᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 395 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄  ᠬᠥᠬᠡ ᠡᠷᠭᠢ ᠪᠠᠯᠭᠠᠰᠤᠨ ᠤ ᠬᠤᠲᠠ ᠶᠢᠨ ᠲᠣᠭᠤᠷᠢᠭ ᠤᠨ 3 ᠰᠠᠭᠤᠷᠢ ᠨᠡᠶᠢᠲᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠤᠨ᠎ᠠ᠃ 3 ᠰᠠᠭᠤᠷᠢ ᠬᠠᠭᠤᠷᠠᠢ ᠵᠣᠷᠯᠣᠩ ᠢ ᠤᠰᠤ ᠪᠠᠷ ᠤᠬᠢᠶᠠᠬᠤ ᠵᠣᠷᠯᠣᠩ ᠪᠣᠯᠭᠠᠨ ᠥᠭᠡᠷᠡᠴᠢᠯᠡᠨ᠎ᠡ᠃ ᠤᠰᠤ ᠪᠠᠷ ᠤᠬᠢᠶᠠᠬᠤ ᠨᠡᠶᠢᠲᠡ ᠶᠢᠨ ᠵᠣᠷᠯᠣᠩ ᠢ 3 ᠰᠢᠨ᠎ᠡ ᠪᠠᠷ ᠪᠠᠶᠢᠭᠤᠯᠵᠤ᠂ ᠣᠯᠠᠨ ᠲᠦᠮᠡᠨ ᠤ ᠵᠣᠷᠯᠣᠩ ᠬᠡᠷᠡᠭᠯᠡᠬᠦ ᠳᠤ ᠲᠥᠬᠦᠮ ᠦᠵᠡᠭᠦᠯᠦᠨ᠎ᠡ᠃      ︵ᠠᠷᠪᠠᠨ ᠬᠤᠶᠠᠷ︶ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠦᠢᠯᠡᠴᠢᠯᠡᠭᠡᠨ ᠤ ᠥᠷᠳᠡᠭᠡ ᠶᠢᠨ ᠲᠥᠷᠥᠯ ᠵᠦᠢᠯ      ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 30 ᠲᠦᠮᠡᠨ ᠲᠥᠭᠦᠷᠢᠭ ᠪᠣᠯᠣᠨ᠎ᠠ᠃ ᠪᠣᠳᠠᠲᠠᠢ ᠠᠭᠤᠯᠭ᠎ᠠ ᠨᠢ᠄ ᠰᠡᠳᠬᠢᠴᠡ ᠶᠢᠨ ᠰᠢᠯᠭᠠᠯᠲᠠ ᠶᠢᠨ ᠲᠥᠬᠦᠭᠡᠷᠦᠮᠵᠢ ᠬᠤᠳᠠᠯᠳᠤᠨ ᠠᠪᠴᠤ᠂ ᠪᠦᠬᠦ ᠰᠢᠶᠠᠨ ᠤ ᠵᠠᠯᠠᠭᠤᠴᠤᠳ ᠪᠠᠭᠠᠴᠤᠳ ᠲᠤ ᠰᠡᠳᠬᠢᠴᠡ ᠶᠢᠨ ᠰᠢᠯᠭᠠᠯᠲᠠ᠂ ᠰᠡᠳᠬᠢᠴᠡ ᠶᠢᠨ ᠵᠢᠯᠣᠭᠤᠳᠤᠮᠵᠢ ᠬᠠᠩᠭᠠᠵᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠳᠠᠷᠤᠭᠠᠰᠤ ᠶᠢ ᠬᠥᠩᠭᠡᠷᠡᠭᠦᠯᠵᠦ᠂ ᠵᠠᠯᠠᠭᠤᠴᠤᠳ ᠪᠠᠭᠠᠴᠤᠳ ᠢ ᠬᠠᠪᠰᠤᠷᠤᠨ ᠵᠠᠯᠠᠭᠤ ᠨᠠᠰᠤᠨ ᠤ ᠦᠶ᠎ᠡ ᠶᠢ ᠤᠷᠤᠭᠰᠢᠲᠠᠢ ᠥᠩᠭᠡᠷᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号