ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/17
     1 ᠰᠠᠷ᠎ᠠ ᠶᠢᠨ 12  ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪ ᠤᠨ ᠲᠣᠭᠤᠷᠢᠨ ᠳᠤ᠂ ᠬᠤᠪᠢ ᠬᠥᠮᠥᠨ ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠱᠠᠭᠠᠷᠳᠠᠭᠰᠠᠨ ᠨᠢ᠂ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪ ᠭᠤᠣᠯ ᠱᠤᠭᠤᠮ ᠤᠨ ᠲᠣᠭᠤᠷᠢᠨ ᠳᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠦᠨᠡᠨ ᠪᠣᠳᠠᠲᠠᠢ︾ ︵ᠣᠨᠣᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢ ᠦᠨᠡᠨ ᠪᠣᠳᠠᠲᠠᠢ ᠰᠠᠶᠢᠲᠤᠷ ᠠᠳᠬᠤᠬᠤ᠂ ᠴᠡᠭᠴᠡᠯᠡᠨ ᠰᠠᠶᠢᠵᠢᠷᠠᠭᠤᠯᠤᠭᠰᠠᠨ ᠲᠣᠪᠣᠶᠢᠮ᠎ᠠ ᠠᠰᠠᠭᠤᠳᠠᠯ ᠢ ᠦᠨᠡᠨ ᠪᠣᠳᠠᠲᠠᠢ ᠪᠠᠶᠢᠴᠠᠭᠠᠨ ᠦᠵᠡᠬᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠦᠨᠡᠨ ᠪᠣᠳᠠᠲᠠᠢ ᠰᠠᠶᠢᠲᠤᠷ ᠬᠢᠬᠦ︶ ᠪᠠ ︽ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠦᠷᠦᠭᠦᠯᠡᠨ ᠰᠠᠶᠢᠲᠤᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠡᠴᠦᠰ ᠲᠤᠨᠢ ᠲᠤᠯᠲᠠᠯ᠎ᠠ ᠬᠢᠴᠢᠶᠡᠵᠦ ᠰᠡᠭᠦᠯᠴᠢ ᠶᠢᠨ ᠬᠠᠭᠠᠰ ᠠᠵᠢᠯ ᠢ ᠰᠠᠶᠢᠲᠤᠷ ᠬᠢᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠢᠨ᠎ᠡ ᠳᠦᠷᠰᠦ ᠪᠠᠶᠢᠳᠠᠯ ᠲᠠᠢ ᠪᠣᠯᠭᠠᠵᠤ᠂ ᠭᠤᠣᠯ ᠰᠡᠳᠦᠪᠲᠦ ᠬᠥᠮᠦᠵᠢᠯ ᠤᠨ ᠲᠡᠭᠦᠰ ᠠᠮᠵᠢᠯᠲᠠ ᠲᠠᠢ ᠲᠡᠭᠦᠰᠴᠦ᠂ ᠵᠢᠱᠢᠭᠰᠡᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠬᠤᠷᠴᠠ ᠰᠡᠷᠭᠡᠭ ᠴᠢᠨᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠲᠥᠷᠥ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠯᠣᠭᠢᠭ ᠢ ᠪᠠᠲᠤ ᠡᠵᠡᠮᠰᠢᠵᠦ᠂ ᠲᠡᠷᠡ ᠳᠠᠷᠤᠢ ᠳᠤᠨᠢ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠦ᠂ ᠨᠠᠮ ᠤᠨ ᠲᠥᠪ ᠬᠤᠷᠢᠶᠠᠨ ᠤ ᠲᠤᠰ ᠰᠠᠯᠠᠭ᠎ᠠ ᠮᠥᠴᠢᠷ ᠲᠤᠰ ᠬᠦᠷᠢᠶᠡᠨ ᠤ ᠲᠤᠬᠠᠢ ᠬᠠᠮᠤᠭ ᠤᠨ ᠰᠢᠨ᠎ᠡ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠠᠭ ᠲᠤᠬᠠᠢ ᠳᠤᠨᠢ ᠡᠵᠡᠮᠰᠢᠵᠦ᠂ ᠤᠯᠤᠰ ᠲᠦᠷᠦ ᠶᠢᠨ ᠲᠠᠯ᠎ᠠ ᠠᠴᠠ ᠪᠠᠶᠢᠳᠠᠯ ᠤᠨ ᠬᠥᠭᠵᠢᠯᠲᠡ ᠬᠤᠪᠢᠷᠠᠯᠲᠠ ᠪᠣᠯᠣᠨ ᠬᠠᠨᠳᠤᠰᠢ ᠶᠢ ᠵᠠᠳᠠᠯᠬᠤ ᠳᠠᠭᠠᠨ ᠴᠢᠳᠠᠮᠠᠭᠠᠢ ᠪᠠᠶᠢᠵᠤ᠂ ᠬᠡᠷᠡᠭ ᠪᠣᠳᠠᠰ ᠤᠨ ᠬᠥᠭᠵᠢᠯᠲᠡ ᠶᠢᠨ ᠳᠣᠲᠣᠭᠠᠳᠤ ᠵᠢᠮ᠎ᠡ ᠶᠣᠰᠣ ᠶᠢ ᠡᠵᠡᠮᠳᠡᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠦᠨ ᠪᠤᠵᠠᠭᠠᠶᠢᠷᠠᠭᠤᠯᠵᠤ᠂ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠨᠡᠭᠡᠭᠡᠯᠲᠡ ᠶᠢᠨ ᠲᠣᠭᠤᠷᠢᠭ ᠢ ᠰᠡᠷᠭᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ︽ᠨᠢᠭᠡ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠵᠠᠭᠪᠤᠷ ᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠷᠪᠠᠳᠤᠭᠠᠷ ᠲᠥᠷᠥᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠶᠢᠨ ᠬᠠᠮᠲᠤ ᠠᠵᠤ ᠠᠬᠤᠶᠢᠯᠠᠯ ᠤᠨ ᠲᠦᠷᠦᠯ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠮᠥᠷᠳᠡᠨ ᠪᠠᠶᠢᠴᠠᠭᠠᠵᠤ ᠭᠦᠢᠴᠡᠳᠬᠡᠵᠦ᠂ ᠡᠯ᠎ᠡ ᠲᠦᠷᠦᠯ ᠤᠨ ᠲᠦᠷᠦᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠣᠷᠣᠨ ᠤ ᠲᠥᠪ ᠤᠨ ᠬᠤᠶᠢᠲᠤ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠳᠤ ᠣᠷᠣᠯᠴᠠᠭᠤᠯᠵᠤ᠂ ᠤᠢ ᠰᠢᠭᠤᠢ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠲᠦᠷᠦᠯ ᠵᠦᠢᠯ ᠤᠨ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠠᠷᠠᠳ ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠲᠦᠮᠡᠨ ᠤ ᠠᠵᠠ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠪᠠᠶᠢᠴᠠᠭᠠᠯᠲᠠ ᠶᠢ ᠲᠦᠷᠦᠭᠦᠯᠡᠨ ᠰᠠᠶᠢᠲᠤᠷ ᠬᠢᠵᠦ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠶᠢ ᠪᠣᠳᠣᠯᠬᠢᠯᠠᠬᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ ᠠᠵᠢᠯ ᠦᠢᠯᠡᠰ ᠲᠡᠭᠡᠨ ᠠᠵᠢᠯᠯᠠᠬᠤ ᠭᠦᠨ ᠵᠤᠵᠠᠭᠠᠨ ᠠᠭᠤᠷ ᠠᠮᠢᠰᠬᠤᠯ ᠢ ᠪᠦᠬᠦ ᠲᠠᠯ᠎ᠠ ᠪᠠᠷ ᠪᠤᠢ ᠪᠣᠯᠭᠠᠬᠤ ᠬᠡᠷᠡᠭᠲᠡᠢ᠃ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠪᠣᠯᠣᠨ ᠰᠢᠯᠢᠳᠡᠭ ᠰᠠᠶᠢᠨ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号